ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠤᠳᠤᠷᠢᠳᠤᠯᠭ᠎ᠠ ᠮᠠᠨ ᠤ ᠬᠤᠰᠢᠭᠤᠨ ᠳᠤ ᠬᠦᠨᠵᠠᠬᠡᠶᠢᠷᠠᠨ ᠨᠠᠰᠤᠳᠠᠨ ᠢᠶᠠᠨ ᠠᠴᠢᠯᠠᠵᠤ ᠲᠦᠷᠤᠯ ᠰᠠᠳᠤᠨ ᠢᠶᠠᠨ ᠬᠠᠶᠢᠷᠠᠯᠠᠬᠤ ᠶᠤᠰᠤ ᠰᠤᠷᠳᠠᠬᠤᠨ ᠤ ᠵᠢᠱᠢᠶᠠᠴᠢ ᠶᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2022/2/20

       ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠳ᠋ᠢᠩ ᠬᠦᠶ

ᠰᠢᠶᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠠᠯᠪᠠᠨ ᠬᠡᠷ ᠢ ᠲᠥᠯᠥᠭᠡᠯᠡᠨ ᠮᠠᠨ ᠤ

ᠬᠤᠰᠢᠭᠤᠨ ᠳᠤ ᠭᠦᠨᠵᠡᠭᠡᠶᠢᠷᠡᠵᠦ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠶᠣᠰᠣ ᠰᠤᠷᠲᠠᠬᠤᠨ ᠤ ᠵᠢᠱᠢᠶᠡᠴᠢ ᠰᠢᠤᠢ ᠬᠦᠶ ᠮᠧᠶ ᠶᠢ

ᠪᠣᠯᠭᠤᠭᠠᠨ ᠲᠣᠬᠤᠨᠢᠭᠤᠯᠵᠤ᠂ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠰᠠᠶᠢᠨ ᠰᠠᠶᠢᠬᠠᠨ ᠢᠷᠥᠭᠡᠯ ᠳᠡᠪᠰᠢᠭᠦᠯᠪᠡ᠃

       ᠰᠢᠦᠢ ᠬᠦᠢ ᠮᠧᠢ ᠪᠣᠯ ᠪᠠᠶᠠᠨᠪᠤᠯᠠᠭ ᠪᠠᠯᠭᠠᠰᠤᠨ ᠤ  ᠰᠠᠢ ᠱᠠᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ᠎ᠠ᠂  ᠡᠪᠡᠳᠴᠢᠨ ᠠᠴᠠ  ᠪᠤᠯᠤᠭᠰᠠᠨ

ᠬᠦᠦ ᠪᠠᠨ ᠨᠢᠭᠡ ᠯᠡ ᠡᠳᠦᠷ ᠮᠡᠲᠦ ᠪᠠᠷ ᠰᠢᠷᠭᠠᠭᠤ ᠬᠠᠲᠠᠭᠤᠵᠢᠯᠲᠠᠢ ᠬᠠᠷᠠᠭᠠᠯᠵᠠᠵᠤ ᠪᠠᠶᠢᠯ᠎ᠠ᠃ 2011 ᠣᠨ ᠳᠤ ᠪᠦᠬᠦ ᠣᠷᠣᠨ ᠤ ᠬᠤᠶᠠᠳᠤᠭᠠᠷ ᠬᠤᠭᠤᠴᠠᠭᠠᠨ ᠤ

ᠨᠠᠰᠤᠲᠠᠨ ᠢᠶᠠᠨ ᠬᠦᠠᠲᠤᠯᠡᠨ  ᠲᠦᠷᠦᠯ ᠰᠠᠳᠤᠨ ᠢᠶᠠᠨ ᠬᠠᠶᠢᠷᠠᠯᠠᠬᠤ ᠶᠣᠰᠣ ᠰᠤᠷᠲᠠᠬᠤᠨ ᠤ ᠵᠢᠱᠢᠶᠡᠴᠢ ᠪᠠᠷ ᠨᠡᠷ᠎ᠡ ᠳᠤᠷᠠᠳᠤᠭᠳᠠᠭᠰᠠᠨ  ᠪᠠᠶᠢᠨ᠎ᠠ᠃

       ᠰᠢᠦᠢ ᠬᠦᠢ ᠮᠧᠢ ᠶᠢᠨ ᠭᠡᠷ ᠲᠤ᠂ ᠳ᠋ᠢᠩ ᠬᠦᠢ ᠰᠢᠶᠠᠩ ᠰᠢᠦᠢ ᠬᠦᠢ ᠮᠧᠢ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠭᠡᠷ ᠤᠨ ᠠᠮᠢᠳᠤᠷᠠᠯ ᠤᠨ

ᠪᠠᠶᠢᠳᠠᠯ ᠢ ᠨᠠᠷᠢᠨ ᠣᠶᠢᠯᠠᠭᠠᠵᠤ᠂ ᠰᠢᠦᠢ ᠬᠦᠢ ᠮᠧᠢ ᠳᠤ ᠬᠦᠦ ᠶᠢᠨ ᠢᠶᠠᠨ ᠡᠳᠦᠷ ᠲᠤᠳᠤᠮ ᠤᠨ ᠠᠮᠢᠳᠤᠷᠠᠯ ᠢ ᠰᠠᠶᠢᠲᠤᠷ ᠬᠠᠷᠠᠭᠠᠯᠵᠠᠬᠤ ᠪᠠᠷ ᠪᠠᠷᠠᠬᠤ ᠦᠭᠡᠢ ᠪᠠᠰᠠ

ᠥᠪᠡᠷ ᠤᠨ ᠪᠡᠶ᠎ᠡ ᠪᠠᠨ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠠᠬᠢᠪᠠ᠃ ᠳ᠋ᠢᠩ ᠬᠦᠶ ᠰᠢᠶᠠᠩ ᠰᠢᠤᠢ ᠬᠦᠶ ᠮᠧᠶ ᠶᠢᠨ ᠨᠠᠰᠤᠲᠠᠨ ᠢᠶᠠᠨ ᠬᠦᠲᠤᠯᠡᠨ ᠲᠥᠷᠥᠯ

ᠰᠠᠳᠤᠨ ᠢᠶᠠᠨ ᠬᠠᠶᠢᠷᠠᠯᠠᠭᠰᠠᠨ ᠲᠡᠷᠢᠭᠦᠨ ᠤ ᠦᠢᠯᠡ ᠠᠵᠢᠯᠯᠠᠭ᠎ᠠ ᠶᠢ ᠮᠠᠭᠲᠠᠨ ᠰᠠᠶᠢᠰᠢᠶᠠᠵᠤ᠂ ᠪᠢᠰᠢᠷᠡᠨ ᠬᠦᠨᠳᠦᠳᠬᠡᠵᠦ ᠪᠠᠶᠢᠬᠤ ᠪᠠᠨ ᠢᠯᠡᠳᠬᠡᠵᠦ᠂ ᠲᠡᠷᠡ ᠵᠢᠭᠠᠵᠤ

ᠭᠠᠷᠭᠠᠭᠰᠠᠨ ᠨᠢ᠂ ᠰᠢᠤᠢ ᠬᠦᠶ ᠮᠧᠶ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ

ᠦᠢᠯᠡᠳᠦᠯᠭᠡᠵᠢᠭᠦᠯᠵᠦ᠂ ᠡᠶᠢᠮᠦ ᠠᠴᠠ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠳᠡᠨ ᠤ ᠡᠷᠬᠢᠮ ᠳᠡᠭᠡᠳᠦ ᠵᠠᠩ ᠰᠤᠷᠲᠠᠯ ᠢ

ᠪᠠᠳᠠᠷᠠᠭᠤᠯᠵᠤ᠂ ᠰᠢᠤᠢ ᠬᠦᠢ ᠮᠧᠢ ᠶᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠶᠣᠰᠣ ᠰᠤᠷᠲᠠᠬᠤᠨ ᠤ ᠵᠢᠱᠢᠶᠡᠴᠢ ᠳᠤ

ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ  ᠶᠢ ᠨᠡᠩ ᠤᠯᠠᠨ ᠬᠦᠷᠲᠡᠭᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

   

   

                                             ᠰᠤᠷᠪᠤᠯᠵᠢᠯᠠᠭᠴᠢ᠄  ᠤᠯᠠᠭᠠᠨ      ᠯᠢᠦ ᠬᠤᠸᠠᠨ

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ