ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠡᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/2/26
      ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠲᠡᠬᠦ ᠪᠠᠶᠢᠳᠠᠯ ᠣᠨᠴᠠᠭᠠᠶ ᠬᠦᠨᠳᠦ ᠪᠤᠳᠤᠯᠢᠶᠠᠨᠲᠠᠶ ᠪᠠᠶᠢᠨ᠎ᠠ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠲᠡᠬᠦ ᠠᠵᠢᠯ ᠢ  ᠦᠨᠡᠡᠬᠦ ᠴᠢᠩᠭᠠᠳᠬᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠦᠭᠦ  ᠬᠦᠴᠤᠨ ᠢᠶᠠᠷ ᠢᠶᠠᠨ ᠬᠠᠮᠠᠭᠠᠯᠠᠬᠤ ᠶᠢᠨ ᠲᠤᠰᠠᠳᠠ᠂ ᠤᠷᠠᠳ ᠤᠨ ᠬᠤᠶᠢᠲᠤ ᠬᠤᠰᠢᠭᠤᠨ ᠤ ᠣᠢᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠲᠡᠬᠦ ᠠᠷᠭ᠎ᠠ ᠬᠡᠮᠵᠢᠶ᠎ᠡ ᠶᠢ  ᠴᠢᠩᠭᠠᠳᠬᠠᠨ ᠲᠣᠬᠢᠷᠠᠭᠤᠯᠬᠤ ᠲᠤᠬᠠᠶ ᠳᠣᠣᠷᠠᠬᠢ ᠮᠡᠲᠦ ᠵᠠᠷᠯᠠᠪᠠ᠃        ᠨᠢᠭᠡ᠂ 2 ᠰᠠᠷ᠎ᠠ ᠶᠢᠨ 23 ᠤ ᠡᠳᠦᠷ ᠠᠴᠠ ᠡᠬᠢᠯᠡᠨ᠂ ᠤᠷᠠᠳ ᠤᠨ ᠡᠮᠦᠨᠡᠲᠦ ᠬᠤᠰᠢᠭᠤ ︵ᠪᠥᠬᠦ  ᠭᠡᠪᠴᠢᠶᠡᠨ ᠳᠤ︶ ᠵᠢᠴᠢ ᠮᠠᠨ ᠤ ᠬᠤᠰᠢᠭᠤ ᠪᠠᠷ ᠥᠩᠭᠡᠷᠡᠨ ᠢᠷᠡᠬᠦ ︵ᠪᠤᠴᠠᠬᠤ︶ ᠬᠥᠮᠦᠰ ᠲᠤ ᠡᠷᠬᠡᠪᠰᠢ 48 ᠴᠠᠭ ᠤᠨ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠠᠪᠴᠤ᠂ ᠬᠠᠩᠭᠠᠵᠤ ᠳᠡᠶᠢᠯᠬᠦ ᠥᠬᠡᠶ ᠶᠢ ᠨᠢ ᠪᠦᠬᠦᠨ ᠢ ᠢᠳᠬᠠᠨ ᠪᠤᠴᠠᠭᠠᠬᠤ ᠬᠡᠷᠡᠭᠲᠡᠶ᠃ 48 ᠴᠠᠭ ᠤᠨ  ᠪᠦᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠲᠠᠢ ᠪᠣᠯ ᠮᠠᠨ ᠤ ᠬᠤᠰᠢᠭᠤᠨ ᠳᠤ ᠣᠷᠣᠬᠤ ᠴᠢᠬᠤᠯᠠ ᠲᠠᠢ ᠪᠠᠶᠢᠪᠠᠯ᠂ ︽14 ᠡᠳᠦᠷ ᠲᠤ ᠬᠡᠷ ᠲᠡᠭᠡᠨ ᠲᠤᠰᠠᠭᠠᠷᠯᠠᠬᠤ + 5 ᠤᠳᠠᠭ᠎ᠠ ᠶᠢᠨ  ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭᠠᠨ ᠤ 1᠂ 4᠂ 7᠂ 10᠂ 14 ᠳ᠋ᠤᠭᠡᠷ ᠡᠳᠦᠷ ᠲᠤ ᠲᠣᠰ ᠲᠣᠰ ᠨᠢᠭᠡ ᠤᠳᠠᠭ᠎ᠠ ᠶᠢᠨ  ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠠᠮᠠᠷ ᠵᠠᠯᠭᠢᠭᠤᠷ ᠤᠨ ᠵᠦᠯᠭᠦᠭᠦᠷ ᠬᠤᠶᠠᠷ ᠢ ᠲᠡᠭᠦᠵᠦ ᠬᠤᠶᠠᠷ ᠢ ᠪᠠᠶᠢᠴᠠᠭᠠᠬᠤ ᠠᠷᠭ᠎ᠠ ᠶᠢ ᠬᠡᠷᠡᠭᠯᠡᠨ᠂ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠵᠠᠷᠤᠳᠠᠯ ᠢ ᠥᠪᠡᠷ ᠢᠶᠠᠨ ᠬᠠᠷᠢᠭᠤᠴᠠᠨ᠎ᠠ᠃ ᠬᠡᠷ ᠲᠤᠨᠢ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠶᠢ ᠨᠢ ᠴᠥᠮ ᠲᠥᠪᠯᠡᠷᠡᠭᠦᠯᠦᠨ ᠲᠤᠰᠠᠭᠠᠷᠯᠠᠨ᠎ᠠ᠃        ᠬᠤᠶᠠᠷ᠂ 2 ᠳ᠋ᠤᠭᠠᠷ ᠰᠠᠷ᠎ᠠ ᠶᠢᠨ 12 ᠤᠨ ᠡᠳᠦᠷ ᠠᠴᠠ 2 ᠳ᠋ᠤᠭᠠᠷ ᠰᠠᠷ᠎ᠠ ᠶᠢᠨ 22 ᠤᠨ ᠡᠳᠦᠷ ᠪᠣᠯᠲᠠᠯᠠᠬᠢ ᠬᠤᠭᠤᠴᠠᠭᠠᠨ ᠳᠤ ᠤᠷᠠᠳ ᠤᠨ ᠡᠮᠦᠨᠡᠲᠦ ᠬᠤᠰᠢᠭᠤ ︵ᠪᠥᠬᠦ  ᠭᠡᠪᠴᠢᠶᠠᠨ ᠳᠤ︶ ᠶᠢᠨ ᠠᠶᠠᠯᠠᠯ ᠤᠨ ᠲᠡᠤᠬᠡ ᠲᠠᠢ ᠬᠥᠮᠦᠰ ᠲᠤ ︽ᠨᠥᠬᠦᠵᠦ  ᠬᠦᠢᠴᠡᠳᠭᠡᠬᠦ︾ ᠪᠠ ︽ᠬᠠᠳᠠᠭᠠᠯᠠᠵᠤ ᠪᠠᠶᠢᠭ᠎ᠠ  ᠵᠤᠶᠢᠯ‌ᠢ ᠬᠠᠮᠤᠭ ᠤᠨ ᠳᠣᠤᠷ᠎ᠠ ᠪᠠᠶᠢᠯᠭᠠᠬᠤ︾ ᠵᠠᠷᠴᠢᠮ ︵ᠪᠤᠴᠠᠵᠤ ᠢᠷᠡᠭᠰᠡᠨ ᠡᠳᠦᠷ ᠠᠴᠠ ᠡᠬᠢᠯᠡᠵᠦ ᠪᠤᠳᠤᠨ᠎ᠠ︶ ᠶᠣᠰᠣᠭᠠᠷ᠂ ︽7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ + 3 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠵᠠᠷᠤᠳᠠᠯ ᠢ ᠥᠪᠡᠷ ᠢᠶᠠᠨ ᠬᠠᠷᠢᠭᠤᠴᠠᠨ᠎ᠠ᠃         ᠭᠤᠷᠪᠠ᠂ ᠥᠨᠥᠳᠦᠷ ᠠᠴᠠ ᠡᠬᠢᠯᠡᠨ᠂ ᠯᠢᠨ ᠾᠧ ᠲᠣᠭᠤᠷᠢᠭ ᠤᠨ ᠪᠦᠭᠦ  ᠭᠡᠪᠴᠢᠶᠠᠨ ᠳᠤ ︵ᠣᠨᠴᠠᠭᠠᠶᠢᠯᠠᠨ  ᠱᠦᠢ ᠠᠨ ᠬᠤᠸ᠋ᠨ ᠹᠦ᠋ ᠰᠠᠭᠤᠭᠠᠯᠢ  ᠲᠣᠭᠤᠷᠢᠭ ᠵᠢᠴᠢ ᠡᠷᠬᠢᠨ ᠲᠣᠭᠤᠷᠢᠨ ᠤ ᠭᠠᠵᠠᠷ ᠣᠷᠣᠨ︶ ᠵᠡᠷᠭᠡ ᠤᠷᠠᠳ ᠤᠨ ᠬᠤᠶᠢᠲᠤ ᠬᠤᠰᠢᠭᠤᠨ ᠠᠴᠠ ᠢᠷᠡᠭᠰᠡᠨ ︵  ᠪᠤᠴᠡᠵᠤ ᠢᠷᠡᠭᠰᠡᠨ︶ ᠮᠠᠨ ᠤ ᠬᠤᠰᠢᠭᠤᠨ ᠤ ᠬᠥᠮᠦᠰ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ᠂ ᠬᠦᠷᠦᠭᠰᠡᠨ ᠤ ᠲᠠᠷᠠᠭ᠎ᠠ 24 ᠴᠠᠭ ᠤᠨ ᠳᠣᠲᠣᠷ᠎ᠠ ᠪᠠᠰᠠ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ 48 ᠴᠠᠭ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ ᠳᠡᠶᠢᠯᠬᠦ ᠥᠬᠡᠶ ᠪᠣᠯ ᠢᠳᠬᠠᠨ ᠪᠤᠴᠠᠭᠠᠯᠭᠠᠨ᠎ᠠ᠃ ᠤᠷᠠᠳ ᠤᠨ ᠬᠤᠶᠢᠲᠤ ᠬᠤᠰᠢᠭᠤᠨ ᠳᠤ ᠢᠷᠡᠭᠰᠡᠳ ᠪᠦᠬᠦᠨ ᠳᠤ᠂ ᠲᠠ ︽ᠤᠷᠠᠳ ᠤᠨ ᠬᠤᠶᠢᠲᠤ ᠬᠤᠰᠢᠭᠤᠨ ᠳᠤ ᠣᠷᠣᠭᠰᠠᠳ ᠤᠨ ᠳᠡᠩᠰᠡᠯᠡᠯᠲᠡ ᠶᠢᠨ ᠬᠤᠶᠠᠷ ᠬᠡᠮᠵᠢᠯᠳᠦ ᠺᠣᠳ᠋︾ ︵ᠬᠤᠶᠠᠷ ᠬᠡᠮᠵᠢᠯᠳᠦ ᠺᠣᠳ᠋ ᠢ ᠠᠷᠤ ᠳᠤ ᠳᠠᠭᠠᠯᠳᠤᠭᠤᠯᠪᠠ︶ ᠢ ᠰᠢᠷᠪᠢᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠦᠨᠡᠨ ᠮᠥᠨ ᠢᠶᠠᠷ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠦᠯᠦᠨ ᠳᠠᠩᠰᠠᠯᠠᠭᠤᠯᠬᠤ ᠪᠤᠶᠤ ᠰᠠᠨᠠᠭᠠᠴᠢᠯᠠᠭ᠎ᠠ ᠠᠴᠠ ᠪᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶  ᠳᠤ ᠮᠡᠳᠡᠭᠦᠯᠦᠨ ᠳᠠᠩᠰᠠᠯᠠᠭᠤᠯᠬᠤ ᠳ᠋ᠢᠶᠠᠩᠬᠤᠸᠠ ᠪᠠᠷ ᠳᠠᠮᠵᠢᠭᠤᠯᠤᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃         ᠳᠥᠷᠪᠡ᠂ 2 ᠳ᠋ᠤᠭᠠᠷ ᠰᠠᠷ᠎ᠠ ᠶᠢᠨ 23 ᠤ ᠡᠳᠦᠷ ᠠᠴᠠ ᠡᠬᠢᠯᠡᠨ᠂ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠢᠳᠡᠵᠦ ᠤᠤᠭᠤᠬᠤ ᠬᠤᠨᠣᠵᠤ ᠬᠡᠪᠲᠡᠬᠦ ᠪᠠ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠵᠠᠷᠤᠳᠠᠯ ᠢ ᠪᠦᠬᠦᠨ ᠢ ᠥᠪᠡᠷᠲᠡᠭᠡᠨ  ᠬᠠᠷᠢᠭᠤᠴᠠᠨ᠎ᠠ ︵ᠨᠢᠭᠲᠠ  ᠤᠶᠢᠷᠠᠲᠤᠭᠰᠡᠳ ᠪᠠ ᠳᠡᠳ᠋ ᠨᠢᠭᠲᠠ ᠤᠶᠢᠷᠠᠲᠤᠭᠰᠡᠳ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠵᠠᠷᠤᠳᠠᠯ ᠢ ᠪᠠᠭᠲᠠᠭᠠᠬᠤ ᠥᠬᠡᠶ︶᠃         ᠲᠠᠪᠤ᠂ ᠡᠯ᠎ᠡ ᠲᠥᠷᠥᠯ ᠤᠨ ᠡᠮ ᠤᠨ ᠳᠡᠯᠭᠡᠭᠦᠷ ᠲᠤ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠳᠠᠷᠤᠬᠤ ᠡᠳ᠋︾ ᠵᠡᠷᠭᠡ ᠳᠥᠷᠪᠡᠨ ᠲᠥᠷᠥᠯ ᠤᠨ ᠡᠮ ᠤᠨ ᠵᠤᠶᠢᠯ ᠢ ᠪᠣᠷᠣᠯᠠᠭᠤᠯᠬᠤ ᠶᠢ ᠲᠦᠷ ᠵᠣᠭᠰᠣᠭᠠᠵᠤ᠂ ᠬᠠᠯᠠᠭᠤᠷᠠᠯ ᠤᠨ ᠡᠭᠦᠳᠡᠨ ᠡᠮᠨᠡᠯᠭᠡ ᠪᠠᠶᠢᠭᠤᠯᠤᠭᠰᠠᠨ ᠥᠬᠡᠶ ᠪᠣᠶ ᠪᠥᠬᠦᠶ ᠡᠮᠴᠢᠯᠡᠭᠡᠨ ᠤ ᠪᠠᠶᠢᠭᠤᠯᠤᠮᠵᠢ ᠬᠠᠯᠠᠭᠤᠷᠠᠯ ᠤᠨ ᠡᠪᠡᠳᠴᠢᠨ ᠤ ᠵᠢᠱᠢᠶ᠎ᠡ ᠶᠢ ᠡᠮᠨᠡᠵᠦ ᠪᠣᠯᠬᠤ ᠥᠬᠡᠶ᠃         ᠵᠢᠷᠭᠤᠭ᠎ᠠ᠂ ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ  ᠤᠶᠢᠯᠡᠴᠢᠯᠡᠭᠡᠨ ᠤ ᠪᠠᠶᠢᠭᠤᠯᠤᠮᠵᠢ ᠳᠤ ᠪᠦᠬᠦᠨ ᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯᠲᠠᠨ ᠤ ᠣᠷᠣᠵᠤ ᠭᠠᠷᠬᠤ ᠶᠢ ᠴᠠᠭᠠᠵᠠᠯᠠᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠰᠢᠨ᠎ᠡ ᠪᠠᠷ ᠣᠷᠣᠵᠤ ᠰᠠᠭᠤᠭᠰᠠᠨ ᠨᠠᠰᠤᠲᠠᠶᠢᠴᠤᠳ ᠢ ᠭᠥᠯᠢᠶᠡᠨ ᠠᠪᠬᠤ ᠪᠠᠨ ᠲᠦᠷ ᠵᠣᠭᠰᠣᠵᠤ᠂ ᠡᠷᠭᠢᠵᠦ ᠦᠵᠡᠬᠦ ᠠᠵᠢᠯᠯᠠᠭ᠎ᠠ ᠶᠢ ᠵᠤᠭᠰᠤᠭᠠᠨ᠎ᠠ᠃        ᠲᠤᠯᠤᠭ᠎ᠠ᠂ ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠤᠨ ᠪᠠᠶᠢᠳᠠᠯ ᠢ ᠨᠢᠭᠲᠠ ᠠᠩᠬᠠᠷᠴᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯᠲᠡ᠂ ᠭᠤᠣᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠢᠩᠬᠢᠨᠢ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ ᠪᠠᠶᠢᠵᠤ᠂ ᠡᠷᠡᠭᠦᠯ ᠪᠥᠭᠡᠳ ᠢᠳᠡᠪᠬᠢᠲᠡᠢ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠴᠢᠬᠤᠯᠠ ᠪᠤᠰᠤ ᠵᠣᠪᠠᠨᠢᠯ ᠪᠠ ᠭᠡᠯᠮᠡᠭᠳᠡᠯ ᠠᠴᠠ ᠵᠠᠶᠢᠯᠠᠰᠬᠢᠬᠦ ᠬᠡᠷᠡᠭᠲᠡᠢ᠃         ᠲᠣᠰ ᠵᠠᠷᠯᠠᠯ ᠳᠤ ᠬᠤᠯᠪᠣᠭᠳᠠᠬᠤ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ  ᠬᠢᠨ᠎ᠠ᠂ ᠥᠷᠭᠡᠨ ᠣᠯᠠᠨ ᠰᠠᠭᠤᠭᠠᠯᠢ ᠠᠷᠠᠳ ᠢᠳᠡᠪᠬᠢᠲᠡᠶ ᠬᠠᠮᠵᠢᠯᠴᠠᠬᠤ ᠶᠢ ᠬᠦᠰᠡᠵᠦ ᠪᠠᠶᠢᠨ᠎ᠠ᠃                    ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ  ᠡᠵᠡᠮᠲᠡᠬᠦ ᠠᠵᠢᠯ ᠤᠨ ᠵᠢᠯᠣᠭᠤᠳᠬᠤ ᠭᠠᠵᠠᠷ                              2022 ᠣᠨ ᠤ 2 ᠰᠠᠷ᠎ᠠ ᠶᠢᠨ 22 ᠤ ᠡᠲᠤᠷ            ᠳᠠᠭᠠᠯᠳᠤᠭᠤᠯᠤᠯ᠄         ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠵᠢᠴᠢ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠤᠨ ᠬᠠᠷᠢᠯᠴᠠᠬᠤ ᠤᠲᠠᠰᠤ         ᠤᠷᠠᠳ ᠤᠨ ᠬᠤᠶᠢᠲᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0478 — 466612        ᠪᠠᠶᠠᠨᠪᠤᠯᠠᠭ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0478 — 2391856        ᠬᠦᠭᠡᠨ᠋ᠦ᠋ᠠᠲᠤᠷ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0478 — 4608148        ᠬᠦᠭᠡᠴᠤ ᠰᠤᠮᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠲᠡᠬᠦ ᠵᠢᠯᠣᠭᠤᠳᠬᠤ ᠭᠠᠵᠠᠷ᠄ 0478 — 7920375        ᠴᠤᠬᠠᠦ᠋ᠠᠲᠤᠷ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0478 — 4912268        ᠪᠠᠶᠠᠠᠴᠢᠠᠲᠠᠮᠤᠨᠢ ᠰᠤᠮᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0478 — 2621369        ᠣᠤ ᠶᠢᠨ ᠭᠤᠤᠯ ᠰᠤᠮᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0478 — 4615569        ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠲᠡᠬᠦ ᠲᠥᠪ ᠤᠨ ᠠᠰᠠᠭᠤᠨ ᠯᠠᠪᠯᠠᠬᠤ ᠤᠲᠠᠰᠤ᠄ 0478 — 4665150        ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠰᠠᠭᠤᠨ ᠯᠠᠪᠯᠠᠬᠤ ᠤᠲᠠᠰᠤ᠄ 0478 — 7853570     7853582            ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠯᠠᠪᠯᠠᠯᠲᠠ ᠶᠢᠨ ᠤᠲᠠᠰᠤ᠄ 0478 — 7853512            ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠯᠠᠪᠯᠠᠯᠲᠠ ᠶᠢᠨ ᠤᠲᠠᠰᠤ᠄ 0478 — 2625101    15848704002             
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ