ᠪᠢᠴᠢᠬᠠᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠨᠡᠷᠢᠯᠳᠤ ᠰᠡᠳᠬᠢᠯ
ᠨᠡᠶᠢᠲᠡᠯᠡᠭᠰᠡᠨ ᠴᠠᠭ᠄
2022/2/28

         ᠦᠢᠷ᠎ᠠ ᠳᠤ᠂  ᠤᠷᠠᠳ ᠤᠨ ᠬᠤᠶᠢᠳᠤ ᠬᠤᠰᠢᠭᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠰᠣᠷᠣᠭᠴᠢ ᠯᠢ ᠮᠧᠩ

ᠰᠢᠤᠸᠠᠨ ᠰᠢᠨ᠎ᠠ ᠵᠢᠯ ᠳᠤ ᠲᠦᠷᠤᠯ ᠰᠠᠳᠤᠨ ᠤ ᠪᠠᠨ ᠦᠭᠬᠦᠭᠰᠠᠨ ᠰᠢᠨ᠎ᠡ ᠶᠢᠨ ᠵᠣᠭᠤᠰ ᠢᠶᠠᠨ ᠭᠠᠷᠭᠠᠵᠤ᠂ ᠡᠵᠢ ᠶᠢᠨ ᠢᠶᠠᠨ ᠬᠠᠪᠰᠤᠷᠤᠯᠭ᠎ᠠ ᠪᠠᠷ 20 ᠬᠤᠪᠢ

ᠠᠮᠳᠠᠳᠤ ᠢᠳᠡᠭᠡᠨ ᠪᠤᠯᠤᠨ ᠰᠦ ᠲᠠᠢ ᠴᠠᠶ ᠬᠤᠳᠠᠯᠳᠤᠨ ᠠᠪᠴᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠣᠷᠣᠯᠴᠠᠭᠰᠠᠨ

ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠴᠢᠳ ᠤᠨ ᠭᠠᠷ ᠲᠤ ᠬᠦᠷᠭᠡᠭᠰᠡᠨ ᠪᠠᠶᠢᠨ᠎ᠠ᠃

28.0.jpg

        ᠯᠢ ᠮᠧᠩ ᠰᠢᠤᠸᠠᠨ ᠤ ᠡᠵᠢ ᠪᠣᠯ ᠤᠷᠠᠳ ᠤᠨ ᠬᠤᠶᠢᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠥᠬᠦ ᠠᠷᠠᠳ ᠤᠨ ᠬᠠᠶᠢᠷ᠎ᠠ

ᠬᠠᠯᠠᠮᠵᠢ ᠶᠢᠨ ᠰᠠᠶᠢᠨ ᠳᠤᠷ᠎ᠠ ᠶᠢᠨ  ᠦᠢᠯᠡᠴᠢᠯᠡᠬᠡᠨ ᠤ ᠠᠩᠭᠢ ᠶᠢᠨ ᠭᠡᠰᠢᠭᠦᠨ ᠮᠥᠨ᠂  ᠯᠢ ᠮᠧᠩ ᠰᠢᠤᠸᠠᠨ ᠡᠵᠢ ᠶᠢᠨ ᠢᠶᠠᠨ ᠣᠷᠣᠯᠴᠠᠭᠰᠠᠨ ᠡᠯ᠎ᠡ  ᠵᠦᠢᠯ ᠤᠨ

ᠰᠠᠶᠢᠨ ᠳᠤᠷ᠎ᠠ ᠶᠢᠨ ᠠᠵᠢᠯᠯᠠᠭ᠎ᠠ  ᠶᠢᠨ ᠲᠤᠬᠠᠢ ᠤᠴᠢᠷ ᠤᠳ ᠢ ᠰᠤᠨᠤᠰᠤᠭᠠᠳ ᠦᠪᠡᠷ  ᠢᠶᠠᠨ ᠦᠴᠤᠬᠡᠨ ᠴᠦ ᠬᠡᠰᠠᠨ ᠬᠠᠶᠢᠷ᠎ᠠ ᠰᠡᠳᠬᠢᠯ ᠢᠶᠠᠨ ᠬᠠᠨᠳᠢᠪᠯᠠᠶ᠎ᠠ ᠬᠡᠵᠤ

ᠬᠦᠰᠡᠨ ᠮᠥᠷᠥᠭᠡᠳᠴᠦ ᠪᠠᠶᠢᠳᠠᠭ᠃

28.2.jpg

        ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ

ᠠᠩᠬᠢ ᠶᠢ ᠵᠤᠬᠢᠶᠠᠨ ᠪᠠᠶᠢᠭᠤᠯᠤᠬᠰᠠᠨ ᠠᠴᠠ ᠨᠠᠰᠢ᠂ ᠲᠡᠷᠡ ᠡᠵᠢ ᠶᠢᠨ ᠢᠶᠠᠨ ᠦᠭᠡᠨ ᠠᠴᠠ ᠰᠠᠶᠢᠨ ᠳᠤᠷ᠎ᠠ ᠶᠢᠨ ᠠᠵᠢᠯᠯᠠᠭᠴᠢᠳ ᠤᠨ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠠᠵᠢᠯ  ᠤᠨ ᠬᠦᠴᠢᠷ ᠪᠡᠷᠬᠡᠰᠢᠶᠡᠯ ᠢ ᠣᠯᠵᠤ ᠮᠡᠲᠡᠵᠡᠢ᠃ ᠲᠡᠷᠡ ᠰᠠᠨᠠᠭᠠᠴᠢᠯᠠᠭ᠎ᠠ ᠠᠴᠠ ᠪᠠᠨ ᠡᠵᠢ ᠲᠠᠢ ᠪᠠᠨ ᠥᠪᠡᠷ ᠤᠨ ᠪᠤᠳᠤᠯ ᠢᠶᠠᠨ

ᠶᠠᠷᠢᠵᠤ᠂ ᠥᠪᠡᠷ ᠤᠨ ᠬᠤᠷᠠᠮᠳᠤᠭᠤᠯᠤᠭᠰᠠᠨ ᠰᠢᠨ᠎ᠡ ᠶᠢᠨ ᠵᠣᠭᠤᠰ ᠢᠶᠠᠷ ᠢᠶᠠᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ

ᠣᠷᠣᠯᠴᠠᠭᠰᠠᠨ ᠠᠬ᠎ᠠ᠂ ᠡᠭᠡᠴᠢ ᠨᠡᠷ  ᠳᠤ  ᠠᠮᠳᠠᠳᠤ ᠢᠳᠡᠭᠡᠨ  ᠪᠤᠯᠤᠨ ᠰᠦ  ᠲᠠᠢ ᠴᠠᠢ ᠬᠤᠳᠠᠯᠳᠤᠨ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠶᠢ ᠬᠦᠰᠡᠪᠡ᠃

        ᠰᠠᠶᠢᠨ ᠳᠤᠷ᠎ᠠ ᠶᠢᠨ ᠦᠢᠯᠡᠴᠢᠯᠡᠭᠴᠢᠳ ᠯᠢ ᠮᠧᠩ ᠰᠢᠤᠸᠠᠨ ᠤ ᠬᠦᠷᠭᠡᠵᠦ ᠢᠷᠡᠭᠰᠡᠨ ᠠᠮᠳᠠᠳᠤ ᠢᠳᠡᠭᠡᠨ ᠪᠣᠯᠤᠨ ᠰᠦ ᠲᠠᠢ ᠴᠠᠶ ᠶᠢ ᠲᠤᠰᠴᠤ  ᠠᠪᠤᠭᠠᠳ

ᠮᠠᠰᠢ ᠰᠡᠳᠬᠢᠯ ᠬᠥᠳᠡᠯᠵᠦ᠂  ᠨᠡᠶᠢᠭᠡᠮ ᠤᠨ ᠡᠯ᠎ᠡ ᠡᠲᠡᠭᠡᠳ ᠠᠴᠠ ᠢᠷᠡᠭᠰᠡᠨ ᠬᠠᠶᠢᠷ᠎ᠠ ᠬᠠᠯᠠᠮᠵᠢ ᠲᠠᠢ ᠬᠥᠮᠦᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ

ᠰᠠᠶᠢᠨ ᠳᠤᠷ᠎ᠠ ᠶᠢᠨ ᠠᠵᠢᠯᠯᠠᠭᠴᠢᠳ ᠢ ᠳᠡᠮᠵᠢᠵᠦ ᠬᠠᠯᠠᠮᠵᠢᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠡᠭᠡᠪᠡ᠃

ᠢᠷᠡᠯᠲᠡ᠄ ᠲᠤᠰ ᠰᠦᠯᠵᠢᠶ᠎ᠠ