ᠬᠦᠴᠢᠷᠳᠡᠯᠳᠠᠢ ᠤᠯᠠᠨ ᠲᠦᠮᠡᠨ ᠢ ᠪᠤᠯᠭᠤᠭᠠᠨ ᠲᠤᠬᠤᠨᠢᠭᠤᠯᠬᠤ ᠠᠵᠢᠯᠯᠠᠭ᠎ᠠ
ᠨᠡᠶᠢᠲᠡᠯᠡᠭᠰᠡᠨ ᠴᠠᠭ᠄
2022/2/8

         ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠲᠠ ᠶᠢᠨ ᠵᠠᠰᠠᠭ ᠤᠨ ᠣᠷᠳᠣᠨ ᠤ  ᠳᠡᠳ᠋ ᠬᠤᠲᠠ ᠶᠢᠨ ᠳᠠᠷᠤᠭ᠎ᠠ ᠷᠧᠨ ᠢ ᠴᠢᠶᠦ᠋ᠨ ᠬᠤᠲᠠ ᠶᠢᠨ

ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠤᠷᠠᠳ ᠤᠨ ᠬᠤᠶᠢᠲᠤ ᠬᠤᠰᠢᠭᠤᠨ ᠳᠤ ᠬᠦᠢᠷᠴᠤ ᠬᠦᠢᠴᠢᠷᠲᠠᠯᠲᠠᠢ ᠤᠯᠠᠨ ᠲᠦᠮᠡᠨ ᠢ ᠪᠣᠯᠭᠤᠭᠠᠨ

ᠲᠣᠬᠤᠨᠢᠭᠤᠯᠪᠠ᠃  ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠳᠡᠳ᠋ ᠬᠤᠰᠢᠭᠤᠨ ᠳᠠᠷᠤᠭ᠎ᠠ ᠠᠯᠲᠠᠨᠪᠤᠯᠠᠭ 

ᠲᠤᠬᠤᠨᠢᠭᠤᠯᠭ᠎ᠠ ᠳᠤ ᠣᠷᠣᠯᠴᠠᠪᠠ᠃ 

         ᠷᠧᠨ ᠢ ᠴᠢᠶᠦ᠋ᠨ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ  ᠮᠧᠩ ᠬᠠᠨ ᠲᠣᠰᠬᠤᠨ ᠤ ᠬᠤᠶᠠᠳᠤᠭᠠᠷ  ᠬᠤᠷᠰᠢᠶ᠎ᠠ ᠶᠢᠨ ᠸᠠᠩ

ᠭᠤᠸᠠᠩ ᠷᠦᠩ ᠤᠨ ᠬᠡᠷ ᠲᠤ ᠬᠦᠷᠴᠦ᠂ ᠨᠠᠰᠤᠲᠠᠨ ᠤ ᠪᠡᠶ᠎ᠡ ᠶᠢᠨ ᠪᠠᠶᠢᠳᠠᠯ᠂ ᠬᠡᠷ ᠪᠦᠯᠢ ᠶᠢᠨ ᠣᠷᠣᠯᠭ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ

ᠲᠡᠳᠡᠨ ᠳᠤ ᠶᠠᠮᠠᠷ ᠬᠦᠴᠢᠷᠳᠡᠯ ᠪᠠ ᠠᠰᠠᠭᠤᠳᠠᠯ ᠪᠠᠶᠢᠪᠠᠯ ᠴᠠᠭ ᠲᠤᠬᠠᠶ ᠳᠤᠨᠢ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠲᠤᠰᠬᠠᠵᠤ᠂ ᠥᠪᠡᠷ ᠤᠨ

ᠠᠮᠢᠳᠤᠷᠠᠯ ᠢᠶᠠᠨ ᠰᠠᠶᠢᠲᠤᠷ ᠬᠠᠷᠠᠭᠠᠯᠵᠠᠵᠤ᠂ ᠲᠡᠳᠡᠨ ᠢ ᠪᠠᠶᠠᠰᠤᠩᠭᠤᠶ ᠣᠪᠣᠷ ᠢᠶᠠᠷ ᠠᠮᠢᠳᠤᠷᠠᠯ ᠳᠤ ᠢᠳᠡᠪᠬᠢᠲᠡᠶ ᠬᠠᠨᠳᠤᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃

        ᠲᠣᠬᠤᠨᠢᠭᠤᠯᠬᠤ ᠶᠠᠪᠤᠴᠠ ᠳᠤ ᠸᠠᠩ ᠭᠤᠸᠠᠩ ᠷᠦᠩ ᠬᠡᠯᠡᠭᠰᠡᠨ ᠨᠢ᠄ ︽ᠨᠠᠮ ᠪᠣᠯᠤᠨ ᠵᠠᠰᠠᠭ ᠤᠨ ᠣᠷᠳᠣᠨ ᠠᠴᠠ ᠮᠠᠨ ᠤ ᠡᠶᠢᠮᠦ ᠬᠦᠴᠢᠷᠳᠡᠯ ᠲᠠᠢ

ᠡᠷᠦᠬᠡ ᠶᠢ ᠢᠮᠠᠭᠲᠠ ᠰᠠᠨᠠᠭᠠᠰᠢᠷᠠᠭᠰᠠᠭᠠᠷ ᠢᠷᠡᠭᠰᠡᠨ ᠳᠤ ᠲᠠᠯᠠᠷᠬᠠᠵᠤ ᠪᠠᠶᠢᠨ᠎ᠠ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠪᠢᠳᠡᠨ ᠳᠤ ᠦᠨᠡᠨᠬᠦ

ᠬᠦᠷᠲᠡᠭᠡᠭᠰᠡᠨ ᠪᠠᠶᠢᠨ᠎ᠠ︾ ᠭᠡᠵᠡᠶ᠃

 

 

                     

ᠢᠷᠡᠯᠲᠡ᠄ ᠲᠤᠰ ᠰᠦᠯᠵᠢᠶ᠎ᠠ