| ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ | ﹇2022﹈ 13 ᠳ᠋ᠤᠭᠠᠷ ᠲᠣᠭᠠᠲᠤ | ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ | ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠪᠠᠶᠢᠨ᠎ᠠ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ | ᠶᠡᠷᠦᠩᠬᠡᠶ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠦᠨᠡᠨ | ᠬᠦ ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ | ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠃ | ᠨᠢᠭᠡ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ᠂ ᠰᠤᠮᠤ ᠪᠠᠯᠭᠠᠰᠤ᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠢᠨ ᠰᠢᠯᠢᠳᠡᠭ ᠬᠦᠴᠦᠨ ᠢ ᠵᠣᠬᠢᠶᠠᠨ ᠪᠠᠶᠢᠭᠤᠯᠵᠤ᠂ 2 ᠰᠠᠷ᠎ᠠ ᠶᠢᠨ 14 ᠤ ᠡᠳᠦᠷ ᠠᠴᠠ ᠨᠠᠰᠢ ᠾᠧᠪᠸᠢ | ᠮᠤᠵᠢ ᠶᠢᠨ ᠰᠢᠩ ᠲᠠᠢ ᠬᠤᠲᠠ ᠪᠣᠯᠤᠨ ᠪᠣᠣ ᠳ᠋ᠢᠩ ᠬᠤᠲᠠ᠂ 2 ᠰᠠᠷ᠎ᠠ ᠶᠢᠨ 20 ᠤ ᠡᠳᠦᠷ ᠠᠴᠠ ᠨᠠᠰᠢ ᠱᠠᠨᠳᠦ᠋ᠩ ᠮᠤᠵᠢ ᠶᠢᠨ ᠴᠢᠩᠳᠣᠤ ᠬᠤᠲᠠ᠂ 2 | ᠰᠠᠷ᠎ᠠ ᠶᠢᠨ 20 ᠤ ᠡᠳᠦᠷ ᠠᠴᠠ ᠨᠠᠰᠢ ᠭᠠᠨᠰᠦ ᠮᠤᠵᠢ ᠶᠢᠨ ᠯᠠᠨᠵᠧᠤ ᠬᠤᠲᠠ᠂ 3 ᠰᠠᠷ᠎ᠠ ᠶᠢᠨ 3 ᠤ ᠡᠳᠦᠷ ᠠᠴᠠ ᠨᠠᠰᠢ ᠣᠷᠳᠣᠰ ᠬᠤᠲᠠ ᠶᠢᠨ ᠳ᠋ᠦᠩᠱᠧᠩ | ᠲᠣᠭᠤᠷᠢᠭ ᠵᠡᠷᠭᠡ ᠬᠢᠵᠢᠭ ᠳᠡᠯᠭᠡᠷᠡᠭᠰᠡᠨ ᠣᠷᠣᠨ ᠠᠴᠠ ᠤᠷᠠᠳ ᠤᠨ ᠬᠤᠶᠢᠲᠤ ᠬᠤᠰᠢᠭᠤᠨ ᠳᠤ ᠪᠤᠴᠡᠵᠤ ᠢᠷᠡᠭᠰᠡᠨ ᠬᠥᠮᠦᠰ ᠢ ᠭᠤᠤᠯᠳᠠᠯᠭ᠎ᠠ ᠲᠠᠢ ᠵᠢᠭᠰᠠᠭᠠᠨ | ᠪᠠᠶᠢᠴᠠᠭᠠᠨ᠎ᠠ᠃ ︽7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ + 7 ᠡᠳᠦᠷ ᠤᠨ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ | + 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠃ | ᠬᠤᠶᠠᠷ᠂ 3 ᠰᠠᠷ᠎ᠠ ᠶᠢᠨ 7 ᠤ ᠡᠳᠦᠷ ᠠᠴᠠ ᠡᠬᠢᠯᠡᠨ᠂ ᠤᠷᠠᠳ ᠤᠨ ᠡᠮᠦᠨᠡᠲᠦ ᠬᠤᠰᠢᠭᠤᠨ ᠠᠴᠠ ᠢᠷᠡᠬᠦ ︵ᠪᠤᠴᠠᠬᠤ︶ ᠤᠷᠠᠳ ᠤᠨ ᠬᠤᠶᠢᠲᠤ | ᠬᠤᠰᠢᠭᠤᠨ ᠤ ᠬᠥᠮᠦᠰ 3 ᠡᠳᠦᠷ ᠤᠨ ᠡᠮᠦᠨ᠎ᠡ ︽ᠢᠷᠡᠬᠦ ︵ᠪᠤᠴᠠᠬᠤ︶ ᠤᠷᠠᠳ ᠤᠨ ᠬᠤᠶᠢᠲᠤ ᠬᠤᠰᠢᠭᠤᠨ ᠤ ᠬᠥᠮᠦᠰ ᠤᠨ ᠳᠡᠩᠰᠡᠯᠡᠯᠲᠡ ᠶᠢᠨ ᠬᠤᠶᠠᠷ ᠬᠡᠮᠵᠢᠯᠳᠦ | ᠲᠡᠮᠳᠡᠭ︾ ᠢ ᠰᠢᠷᠪᠢᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ︔ | ᠡᠭᠦᠨ ᠤ ᠬᠠᠮᠲᠤ ᠪᠠᠶᠢᠭ᠎ᠠ ᠨᠡᠶᠢᠭᠡᠮ ᠲᠣᠭᠤᠷᠢᠭ ︵ᠲᠣᠰᠬᠤᠨ᠂ ᠬᠤᠪᠢᠶᠠᠷᠢ ᠲᠠᠯᠠᠪᠠᠶ︶ ᠪᠣᠯᠤᠨ ᠨᠢᠭᠡᠴᠡ᠂ ᠰᠠᠭᠤᠵᠤ ᠪᠠᠶᠢᠭ᠎ᠠ ᠵᠣᠴᠢᠳ ᠤᠨ ᠪᠠᠭᠤᠳᠠᠯ ᠳᠤ | ᠤᠲᠠᠰᠤᠲᠠᠬᠤ ᠬᠡᠯᠪᠡᠷᠢ ᠪᠠᠷ ᠮᠡᠳᠡᠭᠦᠯᠦᠨ ᠳᠠᠩᠰᠠᠯᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ | ᠰᠢᠯᠵᠢᠬᠦ ᠬᠡᠷᠡᠭᠲᠡᠶ᠃ | ᠭᠤᠷᠪᠠ᠂ ︽ᠨᠢᠭᠡ ᠲᠠᠯᠠᠪᠤᠷ ᠬᠤᠶᠠᠷ ᠦᠷᠳᠡᠭᠡ︾᠂ ᠡᠯ᠎ᠡ ᠵᠠᠰᠠᠮᠠᠯ ᠵᠠᠮ ᠤᠨ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠦᠷᠳᠡᠭᠡ ᠨᠦᠭᠦᠳ ᠳᠡᠭᠡᠷ᠎ᠡ | ᠳᠤᠷᠠᠳᠤᠭᠰᠠᠨ ᠭᠠᠵᠠᠷ ᠣᠷᠣᠨ ᠤ ᠮᠠᠨ ᠤ ᠬᠤᠰᠢᠭᠤᠨ ᠤ ᠬᠥᠮᠦᠨ ᠪᠣᠯᠤᠨ ᠲᠡᠷᠭᠡ ᠬᠥᠰᠬᠡ ᠶᠢ ᠴᠢᠩᠭ᠎ᠠ ᠵᠢᠭᠰᠠᠭᠠᠨ ᠪᠠᠶᠢᠴᠠᠭᠠᠵᠤ᠂ ᠨᠢᠭᠡ ᠬᠥᠮᠦᠨ ᠢ ᠴᠦ | ᠣᠷᠬᠢᠭᠳᠠᠭᠤᠯᠬᠤ ᠦᠬᠡᠢ ᠪᠠᠶᠢᠬᠤ ᠶᠢ ᠪᠠᠲᠤᠯᠠᠬᠤ ᠶᠢᠨ ᠬᠠᠮᠲᠤ ᠬᠥᠮᠦᠨ ᠪᠣᠯᠤᠨ ᠲᠡᠷᠭᠡ ᠬᠥᠰᠬᠡ ᠶᠢᠨ ᠮᠡᠳᠡᠭᠡ ᠵᠠᠩᠭᠢ ᠶᠢ ᠵᠣᠷᠢᠭᠰᠠᠨ ᠭᠠᠵᠠᠷ ᠤᠨ ᠬᠠᠷᠢᠶ᠎ᠠ ᠰᠤᠮᠤ | ᠪᠠᠯᠭᠠᠰᠤᠨ ᠳᠤ ᠴᠠᠭ ᠲᠤᠬᠠᠶ ᠳᠤᠨᠢ ᠬᠠᠷᠢᠭᠤ ᠲᠤᠰᠬᠠᠵᠤ᠂ ᠬᠠᠷᠢᠶ᠎ᠠ ᠭᠠᠵᠠᠷ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠮᠤ ᠳ᠋ᠠᠶᠢᠲ᠋ᠠ ᠶᠢᠨ | ᠲᠠᠪᠴᠠᠩ ᠳᠤ ᠣᠷᠣᠭᠤᠯᠬᠤ ᠶᠢ ᠬᠠᠷᠢᠭᠤᠴᠠᠬᠤ ᠬᠡᠷᠡᠭᠲᠡᠶ᠃ | ᠳᠥᠷᠪᠡ᠂ ᠬᠢᠵᠢᠭ ᠤᠨ ᠳᠠᠯᠳᠠ ᠠᠶᠤᠯ ᠲᠦᠭᠰᠢᠭᠦᠷᠢ ᠶᠢ ᠪᠦᠲᠦᠮᠵᠢᠲᠡᠶ ᠪᠠᠭᠠᠰᠬᠠᠬᠤ ᠶᠢᠨ ᠲᠥᠯᠥᠭᠡ᠂ 3 ᠰᠠᠷ᠎ᠠ ᠶᠢᠨ 7 ᠤ ᠡᠳᠦᠷ ᠠᠴᠠ ᠡᠬᠢᠯᠡᠨ᠂ ᠡᠯ᠎ᠡ | ᠰᠤᠮᠤ ᠪᠠᠯᠭᠠᠰᠤ᠂ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ ᠨᠦᠭᠦᠳ ᠰᠢᠨ᠎ᠡ ᠡᠪᠡᠳᠴᠢᠨ ᠤ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ | ᠲᠠᠯ᠎ᠠ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠥᠮᠦᠰ ᠲᠤ ᠠᠯᠢ ᠲᠦᠷᠭᠡᠨ ᠢᠶᠠᠷ ᠲᠠᠷᠢᠯᠭ᠎ᠠ ᠬᠢᠵᠦ᠂ | ᠢᠯᠠᠩᠭᠤᠶ᠎ᠠ 60 ᠨᠠᠰᠤᠨ ᠠᠴᠠ ᠳᠡᠭᠡᠭᠰᠢᠬᠢ ᠬᠥᠮᠦᠰ ᠲᠤ ᠠᠯᠢ ᠲᠦᠷᠭᠡᠨ ᠢᠶᠠᠷ ᠸᠠᠺᠼᠢᠨ ᠤ ᠲᠠᠷᠢᠯᠭ᠎ᠠ ᠬᠢᠵᠦ᠂ 18 ᠨᠠᠰᠤᠨ ᠠᠴᠠ ᠳᠡᠭᠡᠭᠰᠢᠬᠢ ᠬᠥᠮᠦᠰ ᠲᠤ ᠠᠯᠢ | ᠲᠦᠷᠭᠡᠨ ᠢᠶᠠᠷ ᠬᠦᠴᠦᠲᠡᠶ ᠲᠠᠷᠢᠯᠭ᠎ᠠ ᠬᠢᠬᠦ ᠬᠡᠷᠡᠭᠲᠡᠶ᠃ | ᠲᠠᠪᠤ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠲᠤᠰᠬᠠᠶ | ᠠᠵᠢᠯ ᠤᠨ ᠳᠤᠭᠤᠶᠢᠯᠠᠩ ᠤᠨ ᠬᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠬᠤᠪᠢᠷᠠᠯᠲᠠ ᠶᠢ ᠨᠢᠭᠲᠠ ᠠᠩᠬᠠᠷᠴᠤ᠂ ᠵᠣᠬᠢᠴᠠᠩᠭᠤᠶ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠲᠣᠰ ᠵᠠᠷᠯᠠᠯ ᠳᠤ ᠬᠤᠯᠪᠣᠭᠳᠠᠭᠰᠠᠨ ᠥᠬᠡᠶ ᠰᠡᠷᠭᠡᠶᠢᠯᠡᠨ ᠡᠵᠡᠮᠳᠡᠬᠦ | ᠲᠥᠷᠥ ᠶᠢᠨ ᠪᠣᠳᠣᠯᠭ᠎ᠠ ᠶᠢ ᠮᠥᠨ ᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ | ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠵᠠᠷᠯᠠᠯ︾ ︵ᠤᠷᠠᠳ ᠤᠨ ᠬᠤᠶᠢᠲᠤ | ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ︹ 2022 ︺ 12 ᠳ᠋ᠤᠭᠠᠷ | ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃ | ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯ᠂ | ᠭᠤᠤᠯ ᠤᠷᠤᠰᠬᠠᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠢᠩᠬᠢᠨᠢ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ | ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠵᠤ᠂ ᠡᠷᠡᠭᠦᠯ ᠪᠥᠭᠡᠳ | ᠢᠳᠡᠪᠬᠢᠲᠡᠶ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠬᠡᠷᠡᠭ ᠥᠬᠡᠶ ᠵᠣᠪᠠᠨᠢᠯ ᠪᠠ ᠭᠡᠯᠮᠡᠭᠳᠡᠯ ᠠᠴᠠ ᠵᠠᠶᠢᠯᠠᠰᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠶ᠃ | ᠳᠣᠯᠤᠭ᠎ᠠ᠂ ᠪᠠᠶᠠᠨᠨᠠᠭᠤᠷ ᠬᠤᠲᠠ ᠠᠴᠠ ᠭᠠᠳᠠᠨ᠎ᠠ ᠠᠴᠠ ᠢᠷᠡᠭᠰᠡᠨ ︵ᠪᠤᠴᠠᠵᠤ ᠢᠷᠡᠭᠰᠡᠨ︶ ᠮᠠᠨ ᠤ ᠬᠤᠰᠢᠭᠤᠨ ᠤ ᠪᠣᠶ ᠪᠥᠬᠦᠶ ᠬᠥᠮᠦᠰ᠂ ᠪᠠᠶᠢᠭ᠎ᠠ ᠰᠤᠮᠤ | ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠨᠢᠭᠡᠴᠡ ᠪᠤᠶᠤ ᠪᠠᠭᠤᠳᠠᠯ ᠳᠤ ᠰᠠᠭᠤᠭᠰᠠᠨ ᠵᠣᠴᠢᠳ ᠤᠨ ᠪᠠᠭᠤᠳᠠᠯ ᠳᠤ ᠤᠷᠢᠳᠴᠢᠯᠠᠨ ᠮᠡᠳᠡᠭᠦᠯᠵᠦ | ᠳᠠᠩᠰᠠᠯᠠᠭᠤᠯᠬᠤ ᠶᠢᠨ ᠬᠠᠮᠲᠤ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠬᠢᠵᠢᠭ ᠤᠨ | ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠪᠤᠶᠤ ᠬᠤᠯᠪᠣᠭᠳᠠᠯ ᠪᠥᠬᠦᠶ ᠦᠷ᠎ᠡ ᠳ᠋ᠦᠩ ᠢ ᠬᠤᠳᠠᠯ ᠢᠶᠠᠷ ᠮᠡᠳᠡᠭᠦᠯᠦᠭᠰᠡᠨ᠂ ᠮᠡᠳᠡᠭᠦᠯᠬᠦ ᠥᠬᠡᠶ ᠨᠢᠭᠤᠭᠰᠠᠨ᠂ | ᠤᠳᠠᠭᠠᠰᠢᠷᠠᠭᠤᠯᠤᠨ ᠮᠡᠳᠡᠭᠦᠯᠦᠭᠰᠡᠨ ᠠᠴᠠ ᠪᠣᠯᠤᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ | ᠬᠠᠮᠢᠶᠠᠷᠤᠯᠲᠠ ᠶᠢᠨ ᠰᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ | ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠥᠬᠦᠶ ᠬᠥᠮᠦᠨ ᠪᠠ ᠨᠢᠭᠡᠴᠡ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ᠨᠠᠢᠮᠨ᠂ ᠥᠷᠭᠡᠨ ᠣᠯᠠᠨ ᠰᠠᠭᠤᠭᠠᠯᠢ ᠠᠷᠠᠳ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠠᠴᠠ ᠭᠠᠳᠠᠨᠠᠬᠢ ᠭᠠᠵᠠᠷ ᠣᠷᠣᠨ ᠳᠤ | ᠵᠤᠭᠠᠴᠠᠨ ᠰᠠᠭᠤᠭᠰᠠᠨ ᠲᠡᠤᠬᠡ ᠲᠠᠢ ᠬᠤᠲᠠ ᠶᠢᠨ ᠠᠷᠠᠳ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠤᠨ ᠬᠤᠪᠢᠷᠠᠯᠲᠠ ᠪᠠᠨ ᠴᠠᠭ ᠲᠤᠬᠠᠶ ᠳᠤᠨᠢ | ᠠᠩᠬᠠᠷᠴᠤ᠂ ᠭᠠᠳᠠᠭᠰᠢ ᠭᠠᠷᠬᠤ ᠴᠢᠬᠤᠯᠠ ᠥᠬᠡᠶ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠳᠤ ᠣᠷᠣᠯᠴᠠᠬᠤ ᠥᠬᠡᠶ ᠪᠠᠶᠢᠬᠤ ᠴᠢᠬᠤᠯᠠ ᠥᠬᠡᠶ᠂ ᠵᠢᠱᠢᠶᠡᠯᠡᠪᠡᠯ | ᠬᠠᠯᠠᠭᠤᠷᠠᠬᠤ᠂ ᠨᠢᠰᠤ ᠭᠤᠭᠤᠵᠢᠬᠤ᠂ ᠬᠠᠨᠢᠶᠠᠬᠤ᠂ ᠰᠠᠭᠤᠯᠭᠠᠬᠤ᠂ ᠦᠨᠦᠷᠯᠡᠬᠦ ︵ᠦᠨᠦᠷᠯᠡᠬᠦ︶ ᠰᠡᠷᠡᠯ ᠮᠠᠭᠤᠳᠠᠬᠤ ᠵᠡᠷᠭᠡ ᠡᠪᠡᠳᠴᠢᠨ ᠤ ᠢᠯᠡᠷᠡᠯ ᠲᠠᠢ ᠪᠣᠯ | ᠳᠠᠷᠦ᠋ᠢᠬᠠᠨ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠵᠦ᠂ ᠡᠮᠨᠡᠭᠦᠯᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠶᠢ | ᠰᠠᠶᠢᠲᠤᠷ ᠬᠢᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠢᠵᠢᠭ ᠤᠨ | ᠬᠠᠯᠳᠠᠪᠤᠷᠢᠯᠠᠬᠤ ᠲᠦᠭᠰᠢᠭᠦᠷᠢ ᠶᠢ ᠦᠨᠡᠨᠬᠦ ᠪᠠᠭᠤᠷᠠᠭᠤᠯᠬᠤ ᠬᠡᠷᠡᠭᠲᠡᠶ᠃ | ᠲᠣᠰ ᠵᠠᠷᠯᠠᠯ ᠳᠤ ᠬᠤᠯᠪᠣᠭᠳᠠᠬᠤ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ | ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠠ᠂ ᠥᠷᠭᠡᠨ ᠣᠯᠠᠨ ᠰᠠᠭᠤᠭᠠᠯᠢ ᠠᠷᠠᠳ ᠢᠳᠡᠪᠬᠢᠲᠡᠶ ᠬᠠᠮᠵᠢᠯᠴᠠᠬᠤ ᠶᠢ ᠬᠦᠰᠡᠵᠦ ᠪᠠᠶᠢᠨ᠎ᠠ᠃ | | | | | | | | ᠤᠷᠠᠳ ᠤᠨ ᠬᠤᠶᠢᠲᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠠᠴᠠ | 2022 ᠤᠨ ᠤ 3 ᠰᠠᠷ᠎ᠠ ᠶᠢᠨ 7 ᠤ ᠡᠲᠤᠷ |