ᠥᠪᠦᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/3/14

        3 ᠰᠠᠷ᠎ᠠ ᠶᠢᠨ 13 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ

ᠭᠠᠳᠠᠨ᠎ᠠ ᠠᠴᠠ ᠣᠷᠣᠵᠣ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠤᠯᠠᠭᠠᠨᠬᠠᠳᠠ ᠬᠤᠲᠠ ᠳᠤ︶ ᠨᠡᠮᠡᠭᠳᠡᠵᠡᠢ᠃ ᠲᠤᠬᠠᠢ ᠶᠢᠨ

ᠭᠠᠵᠠᠷ ᠤᠨ 24 ᠲᠣᠳᠤᠯᠠᠭᠰᠠᠨ ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 20᠂ ᠪᠤᠭᠤᠲᠤ ᠬᠤᠲᠠ ᠳᠤ 1᠂

ᠬᠦᠯᠦᠨ ᠪᠤᠶᠢᠷ ᠬᠤᠲᠠ ᠳᠤ 2᠂ ᠪᠠᠶᠠᠨᠨᠠᠭᠤᠷ ᠬᠤᠲᠠ ᠳᠤ 1 ᠪᠤᠢ᠃

        3 ᠰᠠᠷ᠎ᠠ ᠶᠢᠨ 13 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ

ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 60 ᠪᠠᠶᠢᠵᠤ᠂ ᠡᠭᠦᠨ ᠳᠤ ᠬᠥᠬᠡᠬᠤᠲᠠ ᠳᠤ 32᠂ ᠪᠤᠭᠤᠲᠤ ᠬᠤᠲᠠ ᠳᠤ 15᠂ ᠬᠦᠯᠦᠨ ᠪᠤᠶᠢᠷ ᠬᠤᠲᠠ ᠳᠤ

8᠂ ᠣᠷᠳᠣᠰ ᠬᠤᠲᠠ ᠳᠤ 3᠂ ᠠᠯᠠᠱᠠ ᠠᠶᠢᠮᠠᠭ ᠲᠤ 2 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵

ᠪᠠᠶᠠᠨᠨᠠᠭᠤᠷ ᠬᠤᠲᠠ ᠳᠤ︶ ᠪᠤᠢ᠂ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠤᠯᠠᠭᠠᠨᠬᠠᠳᠠ

ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠤᠭᠲᠠᠭᠰᠠᠨ

ᠭᠠᠵᠠᠷ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃

        2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ

ᠲᠣᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 475 ᠪᠠᠶᠢᠵᠤ᠂ ᠡᠭᠦᠨ ᠳᠤ ᠬᠥᠬᠡᠬᠤᠲᠠ ᠳᠤ 427᠂ ᠪᠤᠭᠤᠲᠤ ᠬᠤᠲᠠ ᠳᠤ 25᠂ ᠬᠦᠯᠦᠨ ᠪᠤᠶᠢᠷ ᠬᠤᠲᠠ ᠳᠤ

15᠂ ᠣᠷᠳᠣᠰ ᠬᠤᠲᠠ ᠳᠤ 3᠂ ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠤᠢ᠃ ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠲᠡᠨ ᠨᠡᠶᠢᠲᠡ

415 ᠪᠠᠶᠢᠨ᠎ᠠ᠂ ᠡᠭᠦᠨ ᠳᠤ ᠬᠥᠬᠡᠬᠤᠲᠠ ᠳᠤ 395᠂ ᠪᠤᠭᠤᠲᠤ ᠬᠤᠲᠠ ᠳᠤ 10᠂ ᠬᠦᠯᠦᠨ ᠪᠤᠶᠢᠷ ᠬᠤᠲᠠ ᠳᠤ 7᠂ ᠪᠠᠶᠠᠨᠨᠠᠭᠤᠷ ᠬᠤᠲᠠ ᠳᠤ 3 ᠪᠤᠢ᠃

    

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ