ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/3/15
         3 ᠰᠠᠷ᠎ᠠ ᠶᠢᠨ 14 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ 15 ᠲᠣᠳᠣᠯᠠᠭᠰᠠᠨ ᠡᠪᠳᠴᠴᠢᠨ ᠤ ᠵᠢᠱᠢᠶ᠎ᠡ ᠢᠯᠠᠷᠢᠰᠢᠵᠤ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 10᠂ ᠪᠤᠭᠤᠲᠤ ᠬᠤᠲᠠ ᠳᠤ 5 ᠪᠣᠢ         3 ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 45 ᠪᠠᠶᠢᠵᠤ᠂ ᠡᠭᠦᠨ ᠳᠤ ᠬᠥᠬᠡᠬᠤᠲᠠ ᠳᠤ 22᠂ ᠪᠤᠭᠤᠲᠤ ᠬᠤᠲᠠ ᠳᠤ 10᠂ ᠬᠥᠯᠥᠨ ᠪᠤᠶᠢᠷ ᠬᠤᠲᠠ ᠳᠤ 8᠂ ᠣᠷᠳᠣᠰ ᠬᠤᠲᠠ ᠳᠤ 3᠂ ᠠᠯᠠᠱᠠ ᠠᠶᠢᠮᠠᠭ ᠲᠤ 2 ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠢᠯ ᠦᠭᠡᠢ ᠬᠠᠯᠳᠠᠪᠤᠷᠢᠯᠠᠭᠳᠠᠭᠴᠢ 1 ︵ᠪᠠᠶᠠᠨᠨᠠᠭᠤᠷ ᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠤᠯᠠᠭᠠᠨᠬᠠᠳᠠ ᠬᠤᠲᠠ ᠳᠤ︶ ᠪᠣᠢ᠃ ᠪᠥᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃        2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 475 ᠪᠠᠶᠢᠵᠤ᠂ ᠡᠭᠦᠨ ᠳᠤ ᠬᠥᠬᠡᠬᠤᠲᠠ ᠳᠤ 427᠂ ᠪᠤᠭᠤᠲᠤ ᠬᠤᠲᠠ ᠳᠤ 25᠂ ᠬᠥᠯᠥᠨ ᠪᠤᠶᠢᠷ ᠬᠤᠲᠠ ᠳᠤ 15᠂ ᠣᠷᠳᠣᠰ ᠬᠤᠲᠠ ᠳᠤ 3 ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠣᠢ᠃ ᠢᠯᠠᠷᠢᠰᠢᠵᠤ ᠡᠮᠨᠡᠯᠭᠡ ᠠᠴᠠ ᠭᠠᠷᠤᠭᠰᠠᠨ ᠡᠪᠡᠳᠴᠢᠲᠡᠨ ᠨᠡᠶᠢᠲᠡ 430 ᠪᠠᠶᠢᠨ᠎ᠠ᠂ ᠡᠭᠦᠨ ᠳᠤ ᠬᠥᠬᠡᠬᠤᠲᠠ ᠳᠤ 405᠂ ᠪᠤᠭᠤᠲᠤ ᠬᠤᠲᠠ ᠳᠤ 15᠂ ᠬᠥᠯᠥᠨ ᠪᠤᠶᠢᠷ ᠬᠤᠲᠠ ᠳᠤ 7᠂ ᠪᠠᠶᠠᠨᠨᠠᠭᠤᠷ ᠬᠤᠲᠠ ᠳᠤ 3 ᠪᠣᠢ᠃    
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ