ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/3/16
        ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠢ                ᠰᠡᠷᠭᠡᠶᠢᠯᠡᠨ ᠡᠵᠡᠮᠳᠡᠬᠦ ᠠᠵᠢᠯ ᠵᠢᠯᠣᠭᠤᠳᠬᠤ ᠭᠠᠵᠠᠷ ᠤᠨ ᠵᠠᠷᠯᠠᠯ                                ﹇2022﹈ 14  ᠳ᠋ᠣᠭᠡᠷ ᠲᠣᠭᠠᠲᠤ              ᠣᠳᠣᠬᠠᠨ ᠳᠤ ᠪᠥᠬᠦ ᠳᠡᠯᠡᠬᠡᠶ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠲᠡᠬᠦ ᠪᠠᠶᠢᠳᠠᠯ ᠮᠥᠨ ᠬᠦ ᠬᠦᠨᠳᠦ ᠬᠡᠴᠡᠭᠦᠤ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠲᠡᠬᠦ ᠦᠷ᠎ᠡ ᠪᠦᠲᠦᠭᠡᠯ ᠢ ᠦᠨᠡᠨ ᠬᠦ ᠪᠠᠲᠤᠳᠬᠠᠵᠤ᠂ ᠬᠢᠵᠢᠭ ᠤᠨ ᠪᠠᠶᠢᠳᠠᠯ ᠤᠨ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠬᠢᠵᠠᠭᠠᠷᠯᠠᠬᠤ ᠪᠠ ᠪᠠᠭᠠᠰᠬᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠃         ᠨᠢᠭᠡ᠂ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠤᠨ 3 ᠡᠳᠦᠷ ᠤᠨ ᠡᠮᠦᠨ᠎ᠡ ᠨᠣᠮᠧᠷ ᠢ ᠰᠢᠷᠪᠢᠵᠦ ᠳᠠᠩᠰᠠᠯᠠᠭᠤᠯᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠤᠷᠠᠳ ᠤᠨ ᠬᠤᠶᠢᠲᠤ ᠬᠤᠰᠢᠭᠤᠨ ᠠᠴᠠ ᠭᠠᠳᠠᠨ᠎ᠠ ᠠᠴᠠ ᠢᠷᠡᠭᠰᠡᠨ ᠮᠠᠨ ᠤ ᠬᠤᠰᠢᠭᠤᠨ ᠤ ᠪᠣᠶ ᠪᠥᠬᠦᠶ ᠬᠥᠮᠦᠰ ᠲᠤ 3 ᠡᠳᠦᠷ ᠤᠨ ᠡᠮᠦᠨ᠎ᠡ ︽ᠤᠷᠠᠳ ᠤᠨ ᠬᠤᠶᠢᠲᠤ ᠬᠤᠰᠢᠭᠤᠨ ᠤ ᠬᠥᠮᠦᠰ ᠤᠨ ᠳᠡᠩᠰᠡᠯᠡᠯᠲᠡ ᠶᠢᠨ ᠬᠤᠶᠠᠷ ᠬᠡᠮᠵᠢᠯᠳᠦ ᠲᠡᠮᠳᠡᠭ︾ ᠢ ᠰᠢᠷᠪᠢᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠦᠯᠦᠨ ᠳᠠᠩᠰᠠᠯᠠᠭᠤᠯᠬᠤ ᠪᠤᠶᠤ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠠᠵᠤ ᠠᠬᠤᠶᠢᠯᠠᠯ ᠤᠨ ᠮᠡᠳᠡᠭᠦᠯᠦᠨ ᠳᠠᠩᠰᠠᠯᠠᠭᠤᠯᠬᠤ ᠤᠲᠠᠰᠤ ᠪᠠᠷ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠦᠷᠴᠦ ᠢᠷᠡᠬᠦ ᠠᠴᠠ ᠡᠮᠦᠨ᠎ᠡ ᠪᠤᠶᠤ ᠬᠦᠷᠴᠦ ᠢᠷᠡᠭᠰᠡᠨ ᠤ ᠳᠠᠷᠠᠭ᠎ᠠ ᠡᠷᠬᠡᠪᠰᠢ ᠪᠠᠶᠢᠭ᠎ᠠ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠣᠯᠤᠨ ᠨᠢᠭᠡᠴᠡ ︵ᠡᠰᠡᠬᠦᠯ᠎ᠡ ᠰᠠᠭᠤᠭ᠎ᠠ ᠵᠣᠴᠢᠳ ᠤᠨ ᠪᠠᠭᠤᠳᠠᠯ ︶ ᠳᠤ ᠳᠠᠷᠦ᠋ᠢᠬᠠᠨ ᠮᠡᠳᠡᠭᠦᠯᠵᠦ᠂ ᠮᠡᠳᠡᠭᠡ ᠵᠠᠩᠭᠢ ᠳᠠᠩᠰᠠᠯᠠᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠳᠤ ᠢᠳᠡᠪᠬᠢᠲᠡᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠲᠣᠭᠲᠠᠭᠠᠭᠰᠠᠨ ᠥᠬᠡᠶ ᠪᠤᠰᠤᠳ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠠᠶᠠᠨᠨᠠᠭᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ 7 ᠳ᠋ᠤᠭᠠᠷ ᠲᠣᠭᠠᠲᠤ ᠵᠠᠷᠯᠠᠯ ᠢᠶᠠᠷ ᠴᠢᠩᠭ᠎ᠠ ᠬᠡᠷᠡᠭᠵᠢᠭᠦᠯᠦᠨ᠎ᠡ᠃         ᠬᠤᠶᠠᠷ᠂ ᠭᠤᠣᠯᠳᠠᠯᠭ᠎ᠠ ᠲᠠᠢ ᠭᠠᠵᠠᠷ ᠲᠠᠯᠠᠪᠤᠷ  ᠤᠨ ᠬᠠᠮᠢᠶᠠᠷᠤᠯᠲᠠ ᠶᠢ ᠴᠢᠩᠳᠠᠯᠠᠨ᠎ᠠ᠃ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠦᠨᠡᠨᠬᠦ ᠡᠭᠦᠷᠭᠡᠯᠡᠬᠦ ᠬᠡᠷᠡᠭᠲᠡᠶ᠃ ᠪᠥᠬᠦ ᠬᠤᠰᠢᠭᠤᠨ ᠤ ᠬᠤᠳᠠᠯᠳᠤᠭᠠᠨ ᠤ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ ᠤ ᠲᠠᠯᠠᠪᠤᠷ ᠵᠡᠷᠭᠡ ᠣᠯᠠᠨ ᠨᠡᠶᠢᠲᠡ ᠶᠢᠨ ᠲᠠᠯᠠᠪᠤᠷ᠂ ᠪᠠᠷᠢᠯᠭ᠎ᠠ ᠶᠢᠨ ᠭᠠᠵᠠᠷ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠨᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠡᠷᠭᠡᠶᠢᠯᠡᠨ ᠡᠵᠡᠮᠳᠡᠬᠦ ᠵᠢᠭᠠᠯᠲᠠ ᠶᠢᠨ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠮᠦᠽᠧᠶ᠂ ᠺᠢᠨᠣ᠋ ᠶᠢᠨ ᠣᠷᠳᠣᠨ ᠵᠡᠷᠭᠡ ᠳᠤ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ ᠦᠶ᠎ᠡ ᠶᠢ ᠵᠥᠷᠢᠭᠦᠯᠬᠦ︾ ᠱᠠᠭᠠᠷᠳᠠᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠡᠯ᠎ᠡ ᠠᠵᠢᠯᠯᠠᠬᠤ ᠭᠠᠵᠠᠷ ᠲᠠᠯᠠᠪᠤᠷ᠂ ᠣᠷᠣᠰᠢᠨ ᠰᠠᠭᠤᠬᠤ ᠭᠠᠵᠠᠷ ᠲᠠᠯᠠᠪᠤᠷ᠂ ᠭᠤᠤᠯᠳᠠᠯᠭ᠎ᠠ ᠲᠠᠢ ᠭᠠᠵᠠᠷ ᠲᠠᠯᠠᠪᠤᠷ᠂ ᠭᠤᠤᠯᠳᠠᠯᠭ᠎ᠠ ᠲᠠᠢ ᠪᠠᠶᠢᠭᠤᠯᠤᠮᠵᠢ ᠳᠤ ᠣᠷᠣᠬᠤ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠢᠯᠲᠠᠨ ᠪᠦᠬᠦᠨ ᠡᠷᠬᠡᠪᠰᠢ ᠠᠮᠠᠪᠴᠢ ᠵᠡᠭᠦᠬᠦ᠂ ᠳᠤᠯᠠᠭᠠᠨ ᠢ ᠬᠡᠮᠵᠢᠬᠦ᠂ ᠺᠣᠳ᠋ ᠰᠢᠷᠪᠢᠵᠦ ᠲᠡᠮᠳᠡᠭᠯᠡᠬᠦ ᠪᠠ ᠺᠣᠳ᠋ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃         ᠭᠤᠷᠪᠠ᠂ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠪᠥᠬᠦ ᠬᠤᠰᠢᠭᠤᠨ ᠤ ᠬᠤᠪᠢ ᠶᠢᠨ ᠡᠭᠦᠳᠡᠨ ᠡᠮᠨᠡᠯᠭᠡ ᠪᠠ ᠬᠠᠯᠠᠭᠤᠷᠠᠯ ᠤᠨ ᠡᠭᠦᠳᠡᠨ ᠡᠮᠨᠡᠯᠭᠡ ᠳᠣᠭᠢᠷᠠᠭᠤᠯᠤᠭᠠᠳᠤᠶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠠᠯᠠᠭᠤᠷᠠᠯ ᠤᠨ ᠡᠪᠡᠳᠴᠢᠲᠡᠨ ᠢ ᠭᠥᠯᠢᠶᠡᠨ ᠠᠪᠴᠤ ᠡᠮᠨᠡᠭᠦᠯᠵᠦ ᠪᠣᠯᠬᠤ ᠥᠬᠡᠶ᠃ ᠪᠥᠬᠦ ᠬᠤᠰᠢᠭᠤᠨ ᠤ ᠡᠯ᠎ᠡ ᠲᠥᠷᠥᠯ ᠤᠨ ᠡᠮ ᠤᠨ ᠳᠡᠯᠭᠡᠭᠦᠷ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠡᠰᠡᠷᠭᠦᠴᠡᠬᠦ ᠡᠳ᠋︾ ᠵᠡᠷᠭᠡ ᠳᠥᠷᠪᠡᠨ ᠲᠥᠷᠥᠯ ᠤᠨ ᠡᠮ ᠤᠨ  ᠵᠣᠶᠢᠯ ᠢ ᠪᠣᠷᠣᠯᠠᠭᠤᠯᠬᠤ ᠳᠠᠭᠠᠨ ᠦᠨᠡᠨ ᠨᠡᠷ᠎ᠡ ᠪᠠᠷ ᠪᠦᠷᠢᠳᠬᠡᠨ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃        ᠳᠥᠷᠪᠡ᠂ ᠰᠤᠷᠭᠠᠭᠤᠯᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠬᠡᠤᠬᠡᠳ ᠰᠠᠭᠠᠲᠠᠭᠤᠯᠬᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠤ ᠣᠷᠣᠵᠤ ᠭᠠᠷᠬᠤ ᠶᠢ ᠬᠠᠮᠢᠶᠠᠷᠬᠤ᠂ ᠪᠠᠭᠰᠢ ᠰᠣᠷᠣᠭᠴᠢ ᠠᠵᠢᠯᠲᠠᠨ ᠤ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠬᠡᠷᠡᠭᠲᠡᠶ᠃         ᠲᠠᠪᠤ᠂  ᠤᠠᠴᠠᠭᠠᠢ ᠠᠵᠢᠯ ᠤᠨ ᠪᠠᠶᠢᠷᠢ ᠶᠢᠨ ᠠᠵᠢᠯᠲᠠᠨ ᠤ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ᠃ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ︵ᠡᠮᠴᠢᠯᠡᠭᠡᠨ ᠤ ᠲᠠᠰᠤᠭ︶᠂ ᠲᠤᠰᠠᠭᠠᠷᠯᠠᠬᠤ ᠡᠪᠡᠳᠴᠢᠲᠡᠨ ᠤ ᠥᠷᠥᠭᠡ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠂ ᠪᠥᠭᠡᠮ ᠬᠦᠴᠢᠯ ᠤᠨ ᠥᠯᠢᠭᠡᠷ ᠡᠳ᠋ ᠠᠪᠬᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠪᠠᠷᠠᠭ᠎ᠠ ︵ᠢᠳᠡᠭᠡᠨ︶ ᠵᠡᠷᠭᠡ ᠠᠶᠤᠯ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠠᠵᠢᠯᠲᠠᠨ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠬᠢᠶᠠᠯᠠᠭ᠎ᠠ ᠶᠢᠨ ᠬᠤᠭᠤᠯᠠ᠂ ᠲᠦᠷᠭᠡᠨ ᠬᠦᠷᠭᠡᠬᠦ᠂ ᠪᠠᠷᠠᠭᠠᠨ ᠤ  ᠬᠦᠢᠯᠭᠡᠭᠡ᠂ ᠲᠦᠷᠢᠶᠡᠰᠦᠨ ᠮᠠᠰᠢᠨ ᠲᠡᠷᠭᠡ ︵ᠰᠦᠯᠵᠢᠶ᠎ᠡ ᠪᠠᠷ ᠪᠣᠯᠵᠣᠬᠤ ᠲᠡᠷᠭᠡ︶ ᠵᠡᠷᠭᠡ ᠠᠵᠢᠯ ᠲᠥᠷᠥᠯ ᠤᠨ ᠠᠵᠢᠯᠲᠠᠨ ᠳᠤ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠵᠡᠷᠭᠡ ᠡᠯ᠎ᠡ  ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃        ᠵᠢᠷᠭᠤᠭ᠎ᠠ᠂ ᠬᠤᠪᠢ ᠬᠥᠮᠦᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠥᠪᠡᠷ ᠤᠨ ᠪᠡᠶ᠎ᠡ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠤᠷᠠᠳ ᠤᠨ ᠬᠤᠶᠢᠲᠤ ᠬᠤᠰᠢᠭᠤᠨ ᠠᠴᠠ ᠰᠠᠯᠵᠤ ᠪᠣᠯᠬᠤ ᠥᠬᠡᠶ᠂ ᠨᠢᠭᠡᠨᠲᠡ ᠠᠷᠭ᠎ᠠ ᠴᠢᠨᠠᠷᠲᠠᠶ ᠬᠠᠯᠳᠠᠪᠤᠷᠢᠯᠠᠭᠰᠠᠳ ᠤᠨ ᠮᠡᠳᠡᠭᠦᠯᠦᠭᠰᠡᠨ ᠬᠤᠲᠠ ᠳᠤ ᠣᠴᠢᠵᠤ ᠪᠣᠯᠬᠤ ᠥᠬᠡᠶ᠃ ᠥᠷᠭᠡᠨ ᠤᠯᠠᠨ ᠰᠠᠭᠤᠭᠠᠯᠢ ᠠᠷᠠᠳ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ᠪᠥᠭᠡᠮᠨᠡᠷᠡᠬᠦ ᠦᠭᠡᠢ᠂ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠬᠤ ᠶᠢ ᠬᠦᠰᠡᠨ᠎ᠡ᠃ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ᠂ ᠬᠤᠭᠤᠯᠠᠶ ᠡᠪᠡᠳᠬᠦ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠴᠠᠭ ᠲᠤᠬᠠᠶ ᠳᠤᠨᠢ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠨ᠂ ᠡᠪᠡᠳᠴᠢᠨ ᠲᠠᠢ ᠪᠠᠷ ᠠᠵᠢᠯ ᠳᠤ ᠭᠠᠷᠬᠤ᠂ ᠰᠤᠷᠭᠠᠭᠤᠯᠢ ᠳᠤ ᠣᠷᠣᠵᠤ ᠪᠣᠯᠬᠤ ᠦᠭᠡᠢ᠂ ᠵᠠᠮ ᠵᠠᠭᠤᠷ᠎ᠠ ᠪᠠᠨ ᠨᠡᠶᠢᠲᠡ ᠶᠢᠨ ᠵᠠᠮ ᠬᠠᠷᠢᠯᠴᠠᠭᠠᠨ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃        ᠳᠣᠯᠤᠭ᠎ᠠ᠂ ᠸᠠᠺᠼᠢᠨ ᠤ ᠲᠠᠷᠢᠯᠭ᠎ᠠ ᠶᠢᠨ ᠠᠵᠢᠯ ᠢ ᠦᠨᠡᠨ ᠬᠦ ᠴᠢᠩᠭᠠᠳᠬᠠᠨ᠎ᠠ᠃ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠥᠮᠦᠰ ᠲᠤ ᠠᠯᠢ ᠲᠦᠷᠭᠡᠨ ᠢᠶᠠᠷ ᠲᠠᠷᠢᠯᠭ᠎ᠠ ᠬᠢᠵᠦ᠂ ᠢᠯᠠᠩᠭᠤᠶ᠎ᠠ 60 ᠨᠠᠰᠤᠨ ᠠᠴᠠ ᠳᠡᠭᠡᠭᠰᠢᠬᠢ ᠬᠥᠮᠦᠰ ᠲᠤ ᠠᠯᠢ ᠲᠦᠷᠭᠡᠨ ᠢᠶᠠᠷ ᠸᠠᠺᠼᠢᠨ ᠤ ᠲᠠᠷᠢᠯᠭ᠎ᠠ ᠬᠢᠵᠦ᠂ 18 ᠨᠠᠰᠤᠨ ᠠᠴᠠ ᠳᠡᠭᠡᠭᠰᠢᠬᠢ ᠬᠥᠮᠦᠰ ᠲᠤ ᠠᠯᠢ ᠲᠦᠷᠭᠡᠨ ᠢᠶᠠᠷ ᠬᠦᠴᠦᠲᠡᠶ ᠲᠠᠷᠢᠯᠭ᠎ᠠ ᠬᠢᠵᠦ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃         ᠨᠠᠢᠮᠨ᠂ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠲᠡᠬᠦ ᠲᠣᠭᠲᠠᠭᠠᠯ ᠢ ᠵᠢᠷᠤᠮᠯᠠᠨ ᠰᠠᠬᠢᠬᠤ ᠪᠣᠯ ᠰᠢᠨ᠎ᠡ   ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠠᠷᠬᠠᠯᠲᠠ ᠶᠢ ᠬᠤᠷᠢᠭᠯᠠᠨ ᠵᠣᠭᠰᠣᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠥᠷᠭᠡᠨ ᠣᠯᠠᠨ ᠠᠷᠠᠳ ᠢᠷᠭᠡᠳ ᠤᠨ ᠬᠦᠢᠴᠡᠳᠭᠡᠪᠡᠰᠤ ᠵᠣᠬᠢᠬᠤ ᠡᠭᠦᠷᠭᠡ ᠮᠥᠨ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ ᠥᠬᠡᠶ᠂ ᠬᠤᠪᠢ ᠬᠥᠮᠦᠨ ᠤ ᠠᠶᠠᠨ ᠵᠠᠮ ᠢᠶᠠᠨ ᠦᠨᠡᠨ ᠮᠥᠨ ᠢᠶᠠᠷ ᠨᠢ ᠮᠡᠳᠡᠭᠦᠯᠦᠭᠰᠡᠨ ᠥᠬᠡᠶ ᠠᠴᠠ ᠪᠣᠯᠵᠣ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠬᠡᠵᠦ᠂ ᠬᠦᠨᠳᠦ ᠨᠣᠴᠢᠲᠠᠶ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠤᠨ ᠪᠠᠶᠢᠳᠠᠯ ᠢ ᠨᠢᠭᠲᠠ ᠠᠩᠬᠠᠷᠴᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯᠲᠡ᠂ ᠭᠤᠣᠯ ᠤᠷᠤᠰᠬᠠᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠢᠩᠬᠢᠨᠢ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠣᠯᠤᠨ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ ᠪᠠᠶᠢᠵᠤ᠂ ᠡᠷᠡᠭᠦᠯ ᠪᠥᠭᠡᠳ ᠢᠳᠡᠪᠬᠢᠲᠡᠢ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠬᠡᠷᠡᠭ ᠦᠭᠡᠢ ᠵᠣᠪᠠᠨᠢᠯ ᠪᠠ ᠭᠡᠯᠮᠡᠭᠳᠡᠯ ᠠᠴᠠ ᠵᠠᠶᠢᠯᠠᠰᠬᠢᠬᠦ ᠶᠢ ᠬᠦᠰᠡᠵᠦ ᠪᠠᠶᠢᠨ᠎ᠠ᠃ ᠲᠣᠰ ᠵᠠᠷᠯᠠᠯ ᠳᠤ ᠬᠤᠯᠪᠣᠭᠳᠠᠬᠤ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ  ᠬᠢᠨ᠎ᠠ᠂ ᠥᠷᠭᠡᠨ ᠣᠯᠠᠨ ᠰᠠᠭᠤᠭᠠᠯᠢ ᠠᠷᠠᠳ ᠢᠳᠡᠪᠬᠢᠲᠡᠶ ᠬᠠᠮᠵᠢᠯᠴᠠᠬᠤ ᠶᠢ ᠬᠦᠰᠡᠵᠦ ᠪᠠᠶᠢᠨ᠎ᠠ᠃                   ᠤᠷᠠᠳ ᠤᠨ ᠬᠤᠶᠢᠲᠤ ᠬᠤᠰᠢᠭᠤᠨ ᠤ ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠲᠡᠬᠦ ᠠᠵᠢᠯ ᠤᠨ ᠵᠢᠯᠣᠭᠤᠳᠬᠤ ᠭᠠᠵᠠᠷ                                 2022 ᠣᠨ ᠤ 3 ᠰᠠᠷ᠎ᠠ ᠶᠢᠨ 14  ᠤ ᠡᠲᠤᠷ
ᠢᠷᠡᠯᠲᠡ᠄ ᠲᠤᠰ ᠰᠦᠯᠵᠢᠶ᠎ᠠ