| | ᠰᠤᠷᠪᠤᠯᠵᠢᠯᠠᠭᠰᠠᠨ ᠴᠠᠭ᠄ 2021 — 12 — 27 | ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠾᠧ ᠹᠧᠩ ᠬᠤᠷᠢᠶᠠᠩᠭᠤᠢ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠳᠦᠷᠢᠮ ᠪᠣᠯ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠳᠤ ᠪᠠᠨ ᠬᠦᠷᠲᠡᠬᠦ ᠶᠢ ᠪᠠᠲᠤᠯᠠᠬᠤ᠂ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠶᠢᠨ | ᠴᠢᠬᠤᠯᠠ ᠠᠷᠭ᠎ᠠ ᠬᠡᠮᠵᠢᠶ᠎ᠡ ᠪᠠᠶᠢᠵᠤ᠂ ᠠᠷᠠᠳ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ᠂ ᠨᠡᠶᠢᠭᠡᠮ ᠤᠨ ᠣᠷᠣᠯᠭ᠎ᠠ ᠶᠢᠨ ᠬᠤᠪᠢᠶᠠᠷᠢᠯᠠᠯᠲᠠ ᠶᠢ | ᠲᠣᠬᠢᠷᠠᠭᠤᠯᠬᠤ᠂ ᠬᠤᠲᠠ ᠬᠥᠳᠡᠭᠡ ᠶᠢᠨ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠲᠠᠢ | ᠶᠤᠮ᠃ | ᠦᠰᠦᠭ ᠪᠢᠴᠢᠭ ᠤᠨ ᠪᠣᠳᠠᠲᠤ ᠲᠡᠮᠳᠡᠭᠯᠡᠯ | ᠬᠥᠲᠥᠯᠥᠭᠴᠢ 2021 — 12 — 27 11᠄ 00 | ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠫᠷᠣᠭ᠍ᠷᠠᠮ ᠢ ᠬᠦᠯᠢᠶᠡᠨ ᠠᠪᠴᠤ ᠦᠵᠡᠭᠰᠡᠨ ᠳᠤ ᠪᠠᠶᠠᠷᠯᠠᠵᠤ ᠪᠠᠶᠢᠨ᠎ᠠ᠃ ᠥᠨᠥᠳᠥᠷ ᠪᠢᠳᠡ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠾᠧ ᠹᠧᠩ ᠢ ᠤᠷᠢᠵᠤ ᠢᠷᠡᠭᠦᠯᠦᠭᠰᠡᠨ ᠳᠤ ᠪᠠᠨ ᠮᠠᠰᠢ ᠪᠠᠶᠠᠷᠲᠠᠢ ᠪᠠᠶᠢᠨ᠎ᠠ᠂ ᠲᠡᠷᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠣᠨ᠎ᠠ᠃ ᠾᠧ ᠳᠠᠷᠤᠭ᠎ᠠ ᠲᠠᠨ ᠢ | ᠪᠠᠶᠠᠷᠯᠠᠨ ᠤᠭᠲᠤᠵᠤ ᠪᠠᠶᠢᠨ᠎ᠠ︕ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠾᠧ ᠹᠧᠩ 2021 — 12 — 27 11᠄ 00 | ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ᠂ ᠠᠳᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠤ ᠪᠠᠨ ᠮᠠᠰᠢ | ᠪᠠᠶᠠᠷᠲᠠᠢ ᠪᠠᠶᠢᠨ᠎ᠠ᠃ ᠲᠠ ᠨᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ | ᠪᠠᠶᠢᠨ᠎ᠠ᠃ | ᠬᠥᠲᠥᠯᠥᠭᠴᠢ 2021 — 12 — 27 11᠄ 00 | ᠾᠧ ᠳᠠᠷᠤᠭ᠎ᠠ ᠠ᠋᠂ ᠲᠠ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠳᠦᠷᠢᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠾᠧ ᠹᠧᠩ 2021 — 12 — 27 11᠄ 00 | 2009 ᠣᠨ ᠳᠤ᠂ ᠤᠯᠤᠰ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ | ᠰᠢᠨ᠎ᠡ ᠮᠠᠶ᠋ᠢᠭ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠡᠬᠢᠯᠡᠭᠦᠯᠪᠡ᠃ 2011 ᠣᠨ ᠳᠤ᠂ ᠮᠠᠨ ᠤ ᠣᠷᠣᠨ ᠬᠤᠲᠠ | ᠪᠠᠯᠭᠠᠰᠤ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯᠣᠨ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠳᠦᠷᠢᠮ ᠢ ᠪᠠᠶᠢᠭᠤᠯᠤᠨ᠂ 2012 ᠣᠨ ᠳᠤ ᠳᠦᠷᠢᠮ ᠢ ᠪᠦᠷᠢᠨ ᠬᠠᠮᠤᠷᠤᠭᠤᠯᠬᠤ ᠶᠢ ᠪᠡᠶᠡᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠪᠢᠳᠡ ᠳᠦᠷᠢᠮ ᠢ ᠲᠡᠭᠦᠯᠳᠡᠷᠵᠢᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠯᠢ ᠣᠯᠠᠨ ᠲᠥᠷᠥ ᠶᠢᠨ ᠪᠣᠳᠣᠯᠭ᠎ᠠ ᠶᠢ | ᠲᠣᠭᠲᠠᠭᠠᠨ ᠨᠡᠶᠢᠲᠡᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠬᠥᠭᠵᠢᠯᠲᠡ ᠶᠢ | ᠠᠬᠢᠭᠤᠯᠪᠠ᠃ 2015 ᠣᠨ ᠳᠤ᠂ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ ︹2015︺ 21 ᠳ᠋ᠦ᠋ᠭᠡᠷ ᠲᠣᠭᠠᠲᠤ︶ ᠢ ᠨᠡᠶᠢᠲᠡᠯᠡᠵᠦ᠂ | ᠰᠦᠢᠳᠬᠡᠯ ᠲᠤᠰᠢᠶᠠᠬᠤ ᠲᠠᠰ ᠪᠠ ᠵᠠᠰᠠᠭ ᠤᠨ ᠣᠷᠳᠣᠨ ᠤ ᠨᠥᠬᠦᠪᠦᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ᠃ 2018 ᠣᠨ ᠳᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ | ᠣᠷᠣᠰᠢᠭᠤᠯᠭ᠎ᠠ ᠶᠢᠨ ᠨᠥᠬᠦᠪᠦᠷᠢ ᠶᠢᠨ ᠠᠷᠭ᠎ᠠ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ︹2018︺ 324 ᠳ᠋ᠦ᠋ᠭᠡᠷ ᠲᠣᠭᠠᠲᠤ︶ ᠶᠢ ᠨᠡᠶᠢᠲᠡᠯᠡᠵᠦ | ᠂ ᠬᠠᠷᠠᠭᠠᠯᠵᠠᠯ ᠬᠦᠷᠲᠡᠭᠰᠡᠳ ᠨᠠᠰᠤ ᠪᠠᠷᠠᠪᠠᠯ ᠣᠷᠣᠰᠢᠭᠤᠯᠭ᠎ᠠ ᠶᠢᠨ ᠨᠥᠬᠦᠪᠦᠷᠢ ᠮᠥᠩᠭᠦ ᠲᠠᠢ ᠪᠣᠯᠵᠤ᠂ ᠨᠥᠬᠦᠪᠦᠷᠢ ᠶᠢᠨ ᠪᠠᠷᠢᠮᠵᠢᠶ᠎ᠠ ᠶᠢ 12 ᠰᠠᠷ᠎ᠠ ᠶᠢᠨ ᠳᠡᠭᠡᠷ᠎ᠡ | ᠨᠢᠭᠡ ᠵᠢᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠪᠠᠷ ᠲᠣᠭᠲᠠᠭᠠᠪᠠ᠃ | ᠣᠳᠣᠬᠠᠨ ᠳᠤ 1596 ᠲᠥᠭᠦᠷᠢᠭ ᠢᠶᠠᠷ ᠪᠠᠷᠢᠮᠵᠢᠶᠠᠯᠠᠵᠤ ᠪᠠᠶᠢᠨ᠎ᠠ᠃ 2019 ᠣᠨ ᠳᠤ᠂ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠲᠣᠭᠲᠠᠭᠠᠬᠤ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠡᠪ ᠤᠨ | ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠨ ᠨᠡᠶᠢᠲᠡᠯᠡᠵᠦ᠂ ᠰᠠᠭᠤᠷᠢ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠲᠣᠬᠢᠷᠠᠭᠤᠯᠤᠯᠲᠠ ᠳᠤ ᠳᠦᠷᠢᠮ ᠤᠨ ᠪᠠᠲᠤᠯᠠᠭ᠎ᠠ ᠶᠢ ᠲᠠᠯᠪᠢᠵᠤ ᠥᠭᠴᠡᠢ᠃ ᠣᠲᠣ ᠪᠣᠯᠬᠤ ᠳᠤ᠂ ᠪᠥᠬᠦ ᠣᠷᠣᠨ ᠳᠤ 790 ᠲᠦᠮᠡᠨ ᠬᠥᠮᠥᠨ | ᠳᠠᠭᠠᠳᠬᠠᠯ ᠳᠤ ᠣᠷᠣᠯᠴᠠᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 99.35% ᠬᠦᠷᠴᠡᠢ︔ ᠬᠠᠷᠠᠭᠠᠯᠵᠠᠯ ᠬᠦᠷᠲᠡᠭᠰᠡᠳ 261 ᠲᠦᠮᠡ ᠳᠤ ᠬᠥᠷᠪᠡ︔ | ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠬᠥᠮᠥᠨ ᠪᠦᠷᠢ ᠰᠠᠷ᠎ᠠ ᠳᠤ 140 ᠲᠥᠭᠦᠷᠢᠭ ᠪᠣᠯᠣᠨ᠎ᠠ᠃ | ᠬᠥᠲᠥᠯᠥᠭᠴᠢ 2021 — 12 — 27 11᠄ 03 ᠲᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠭᠤᠣᠯ ᠲᠥᠷᠥ ᠶᠢᠨ ᠪᠣᠳᠣᠯᠭ᠎ᠠ ᠶᠢ ᠲᠠᠨᠢᠯᠴᠠᠭᠤᠯᠤᠭᠠᠷᠠᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠾᠧ ᠹᠧᠩ 2021 — 12 — 27 11᠄ 03 ᠳᠠᠭᠠᠳᠬᠠᠯ ᠳᠤ | ᠣᠷᠤᠯᠴᠠᠬᠤ ᠬᠥᠮᠥᠰ᠄ ᠪᠦᠬᠦᠯᠢ 16 ᠨᠠᠰᠤ ᠬᠦᠷᠦᠭᠰᠡᠨ ︵ᠰᠤᠷᠭᠠᠭᠤᠯᠢ ᠳᠤ ᠪᠠᠶᠢᠭ᠎ᠠ ᠰᠣᠷᠣᠭᠴᠢ ᠶᠢ ᠪᠠᠭᠲᠠᠭᠠᠬᠤ ᠦᠭᠡᠢ︶᠂ ᠤᠯᠤᠰ ᠤᠨ ᠵᠠᠰᠠᠭ ᠵᠠᠬᠢᠷᠭ᠎ᠠ | ᠠᠵᠢᠯ ᠦᠢᠯᠡᠰ ᠤᠨ ᠨᠢᠭᠡᠴᠢ ᠶᠢᠨ ᠪᠤᠰᠤ ᠠᠵᠢᠯᠲᠠᠨ ᠠᠵᠢᠯᠲᠠᠨ ᠨᠢ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠤᠯᠴᠠᠬᠤ ᠬᠡᠪᠴᠢᠶᠡᠨ ᠳᠤ | ᠦᠯᠦ ᠪᠠᠭᠲᠠᠬᠤ ᠬᠤᠲᠠ ᠬᠥᠳᠡᠭᠡ ᠶᠢᠨ ᠰᠠᠭᠤᠭᠠᠯᠢ ᠠᠷᠠᠳ ᠪᠣᠯ ᠡᠷᠦᠬᠡ ᠠᠮᠠ ᠶᠢᠨ ᠪᠠᠶᠢᠭ᠎ᠠ ᠭᠠᠵᠠᠷ ᠲᠤ ᠪᠠᠨ ᠳᠠᠭᠠᠳᠬᠠᠯ ᠳᠤ ᠣᠷᠣᠯᠴᠠᠵᠤ ᠪᠣᠯᠣᠨ᠎ᠠ᠃ | ᠣᠯᠭᠤᠮᠵᠢ ᠠᠪᠬᠤ᠄ ᠪᠦᠬᠦᠯᠢ 60 ᠨᠠᠰᠤ ᠬᠦᠷᠴᠦ᠂ ᠰᠦᠢᠳᠬᠡᠯ ᠲᠤᠰᠢᠶᠠᠭᠠᠳ ᠪᠦᠬᠦᠯᠢ 15 ᠵᠢᠯ ᠪᠣᠯᠤᠭᠰᠠᠨ ᠪᠥᠭᠡᠳ ᠪᠤᠰᠤᠳ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠦᠯᠦ ᠬᠦᠷᠲᠡᠭᠰᠡᠨ ᠪᠣᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠣᠯᠭᠤᠮᠵᠢ ᠶᠢ ᠰᠠᠷ᠎ᠠ ᠰᠠᠷ᠎ᠠ ᠪᠠᠷ ᠠᠪᠴᠤ ᠪᠣᠯᠣᠨ᠎ᠠ᠃ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ᠄ ᠥᠪᠡᠷᠲᠡᠭᠡᠨ ᠵᠠᠰᠠᠬᠤ ᠣᠷᠣᠨ ᠠᠴᠠ | ᠪᠥᠬᠦ ᠣᠷᠣᠨ ᠤ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠮᠤᠭ ᠤᠨ ᠳᠣᠣᠷ᠎ᠠ ᠪᠠᠷᠢᠮᠵᠢᠶ᠎ᠠ ᠶᠢ ᠲᠣᠭᠲᠠᠭᠠᠪᠠ᠂ ᠣᠳᠣᠬᠠᠨ ᠳᠤ 140 ᠲᠥᠭᠦᠷᠢᠭ | ᠪᠣᠯᠣᠨ᠎ᠠ᠂ ᠪᠦᠬᠦᠯᠢ 70 ᠨᠠᠰᠤ ᠠᠴᠠ ᠪᠦᠬᠦᠯᠢ 79 ᠨᠠᠰᠤ ᠬᠦᠷᠪᠡᠯ᠂ 10 ᠲᠥᠭᠦᠷᠢᠭ ᠨᠡᠮᠡᠭᠳᠡᠭᠦᠯᠦᠨ᠎ᠡ︔ ᠪᠦᠬᠦᠯᠢ 80 ᠨᠠᠰᠤᠨ ᠠᠴᠠ ᠳᠡᠭᠡᠭᠰᠢ ᠪᠣᠯᠪᠠᠯ 20 | ᠲᠥᠭᠦᠷᠢᠭ ᠨᠡᠮᠡᠭᠳᠡᠭᠦᠯᠦᠨ᠎ᠡ᠃ ᠳᠠᠭᠠᠳᠬᠠᠯ ᠳᠤ ᠣᠷᠣᠭᠰᠠᠳ 200 ᠲᠥᠭᠦᠷᠢᠭ ᠵᠢᠴᠢ 200 ᠲᠥᠭᠦᠷᠢᠭ ᠠᠴᠠ ᠳᠡᠭᠡᠭᠰᠢ ᠰᠦᠢᠳᠬᠡᠯ ᠲᠤᠰᠢᠶᠠᠬᠤ ᠲᠠᠰ ᠢ | ᠰᠣᠩᠭᠤᠭᠰᠠᠨ ᠮᠥᠷᠲᠡᠭᠡᠨ ᠰᠦᠢᠳᠬᠡᠯ ᠲᠤᠰᠢᠶᠠᠭᠠᠳ ᠪᠦᠬᠦᠯᠢ 15 ᠵᠢᠯ ᠪᠣᠯᠤᠭᠰᠠᠨ ᠪᠣᠯ᠂ ᠨᠢᠭᠡ ᠵᠢᠯ ᠨᠡᠮᠡᠭᠳᠡᠬᠦ ᠪᠦᠷᠢ ᠰᠠᠭᠤᠷᠢ ᠨᠠᠰᠤᠵᠢᠯ ᠤᠨ ᠠᠰᠠᠷᠠᠮᠵᠢ ᠶᠢᠨ | ᠮᠥᠩᠭᠦ ᠶᠢ 2 ᠲᠥᠭᠦᠷᠢᠭ ᠨᠡᠮᠡᠭᠳᠡᠭᠦᠯᠦᠨ᠎ᠡ᠃ ᠰᠦᠢᠳᠬᠡᠯ ᠲᠤᠰᠢᠶᠠᠬᠤ ᠲᠠᠰ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠵᠢᠯ ᠢᠶᠠᠷ ᠳᠡᠰ ᠰᠣᠩᠭᠤᠨ ᠰᠦᠢᠳᠬᠡᠯ ᠲᠤᠰᠢᠶᠠᠬᠤ ᠶᠢ ᠬᠡᠷᠡᠭᠵᠢᠭᠦᠯᠵᠦ᠂ ᠰᠦᠢᠳᠬᠡᠯ ᠲᠤᠰᠢᠶᠠᠬᠤ ᠲᠠᠰ ᠢ 12 ᠲᠠᠰ ᠬᠤᠪᠢᠶᠠᠨ᠎ᠠ᠂ ᠲᠤᠬᠠᠶᠢᠯᠠᠪᠠᠯ | 200 ᠲᠥᠭᠦᠷᠢᠭ᠂ 300 ᠲᠥᠭᠦᠷᠢᠭ᠂ 400 ᠲᠥᠭᠦᠷᠢᠭ᠂ 500 ᠲᠥᠭᠦᠷᠢᠭ᠂ 600 ᠲᠥᠭᠦᠷᠢᠭ᠂ 700 ᠲᠥᠭᠦᠷᠢᠭ᠂ 800 ᠲᠥᠭᠦᠷᠢᠭ᠂ 900 | ᠲᠥᠭᠦᠷᠢᠭ᠂ 1000 ᠲᠥᠭᠦᠷᠢᠭ᠂ 3000 ᠲᠥᠭᠦᠷᠢᠭ᠂ 5000 ᠲᠥᠭᠦᠷᠢᠭ᠂ 7000 ᠲᠥᠭᠦᠷᠢᠭ ᠪᠣᠯᠣᠨ᠎ᠠ᠃ ᠰᠦᠢᠳᠬᠡᠯ ᠲᠤᠰᠢᠶᠠᠬᠤ ᠨᠥᠬᠦᠪᠦᠷᠢ᠄ | 200 ᠲᠥᠭᠦᠷᠢᠭ ᠠᠴᠠ 400 ᠲᠥᠭᠦᠷᠢᠭ ᠲᠤ᠂ ᠲᠣᠰ ᠲᠣᠰ 35 ᠲᠥᠭᠦᠷᠢᠭ᠂ 40 ᠲᠥᠭᠦᠷᠢᠭ᠂ 45 ᠲᠥᠭᠦᠷᠢᠭ ᠨᠥᠬᠦᠪᠦᠷᠢᠯᠡᠨ᠎ᠡ︔ 500 | ᠲᠥᠭᠦᠷᠢᠭ ᠲᠤ 60 ᠲᠥᠭᠦᠷᠢᠭ ᠨᠥᠬᠦᠪᠦᠷᠢᠯᠡᠨ᠎ᠡ᠂ ᠡᠭᠦᠨ ᠤ ᠰᠠᠭᠤᠷᠢᠨ ᠳᠡᠭᠡᠷ᠎ᠡ ᠰᠦᠢᠳᠬᠡᠯ ᠲᠤᠰᠢᠶᠠᠬᠤ ᠲᠠᠰ ᠢ ᠳᠡᠭᠡᠭᠰᠢᠯᠡᠭᠦᠯᠬᠦ ᠪᠦᠷᠢ ᠨᠥᠬᠦᠪᠦᠷᠢ ᠶᠢ 5 | ᠲᠥᠭᠦᠷᠢᠭ ᠳᠡᠭᠡᠭᠰᠢᠯᠡᠭᠦᠯᠵᠦ᠂ ᠬᠠᠮᠤᠭ ᠤᠨ ᠥᠨᠳᠥᠷ ᠲᠤ ᠪᠠᠨ 100 ᠲᠥᠭᠦᠷᠢᠭ ᠤᠨ ᠨᠥᠬᠦᠪᠦᠷᠢ ᠥᠭᠭᠦᠨ᠎ᠡ᠃ ᠣᠷᠣᠯᠠᠨ ᠲᠤᠰᠢᠶᠠᠬᠤ ᠲᠠᠯ᠎ᠠ ᠪᠠᠷ᠄ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ | ᠣᠨᠴᠠᠭᠠᠶ ᠭᠡᠷ ᠪᠦᠯᠢ᠂ ᠳᠠᠬᠢᠭᠠᠳ ᠶᠠᠳᠠᠭᠤᠷᠠᠭᠰᠠᠳ ᠪᠠ ᠶᠠᠳᠠᠭᠤᠷᠠᠭᠰᠠᠳ ᠵᠡᠷᠭᠡ ᠰᠦᠢᠳᠬᠡᠯ ᠲᠤᠰᠢᠶᠠᠬᠤ ᠳᠤ ᠬᠦᠴᠢᠷᠲᠡᠢ ᠬᠥᠮᠥᠰ ᠲᠤ ᠵᠠᠰᠠᠭ ᠤᠨ ᠣᠷᠳᠣᠨ | 100 ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠨᠢ ᠣᠷᠣᠯᠠᠨ ᠲᠤᠰᠢᠶᠠᠨ᠎ᠠ︔ ᠬᠦᠨᠳᠦ ᠵᠡᠮᠳᠡᠭᠴᠦᠳ ᠲᠤ | ᠵᠠᠰᠠᠭ ᠤᠨ ᠣᠷᠳᠣᠨ 200 ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠢ ᠣᠷᠣᠯᠠᠨ ᠲᠤᠰᠢᠶᠠᠨ᠎ᠠ᠃ | ᠬᠥᠲᠥᠯᠥᠭᠴᠢ᠄ 2021 — 12 — 27 11᠄ 05 ᠰᠠᠶ᠋ᠢᠬᠠᠨ ᠲᠠ 2019 ᠣᠨ ᠳᠤ ᠨᠡᠶᠢᠲᠡᠯᠡᠭᠰᠡᠨ ᠬᠠᠷᠠᠭᠠᠯᠵᠠᠯ ᠢ ᠲᠣᠭᠲᠠᠭᠠᠬᠤ | ᠲᠣᠭᠲᠠᠴᠠ ᠪᠠ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠣᠭᠲᠠᠴᠠ ᠶᠢ ᠶᠠᠷᠢᠪᠠ᠂ ᠲᠤᠬᠠᠶᠢᠯᠠᠪᠠᠯ ︽ᠬᠤᠶᠠᠷ ᠲᠣᠭᠲᠠᠴᠠ︾ | ᠪᠣᠯᠣᠨ᠎ᠠ᠂ ᠪᠢᠳᠡᠨ ᠳᠤ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠢ ᠪᠠᠷ ᠲᠠᠨᠢᠯᠴᠠᠭᠤᠯᠤᠭᠠᠳ ᠥᠭᠭᠦᠨ᠎ᠡ ᠦᠦ︖ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠾᠧ ᠹᠧᠩ 2021 — 12 — 27 11᠄ 05 | ︽ᠬᠤᠶᠠᠷ ᠲᠣᠭᠲᠠᠴᠠ︾ ᠶᠢᠨ ᠪᠢᠴᠢᠭ ᠮᠠᠲ᠋ᠧᠷᠢᠶᠠᠯ ᠢ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ | ᠃ ᠥᠩᠭᠡᠷᠡᠭᠰᠡᠨ ᠤ ᠲᠥᠷᠥ ᠶᠢᠨ ᠪᠣᠳᠣᠯᠭ᠎ᠠ ᠲᠠᠢ ᠬᠠᠷᠢᠴᠠᠭᠤᠯᠪᠠᠯ᠂ ᠲᠣᠰ ᠪᠢᠴᠢᠭ ᠮᠠᠲ᠋ᠧᠷᠢᠶᠠᠯ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠰᠢᠨ᠎ᠡ | ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠣᠶ᠃ ᠨᠢᠭᠡ ᠳᠤ᠂ ᠬᠠᠷᠠᠭᠠᠯᠵᠠᠯ ᠢ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠪᠡ᠃ | ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠪᠢ ᠬᠥᠮᠥᠨ ᠤ ᠳᠠᠩᠰᠠ ᠳᠠᠬᠢ ᠨᠠᠰᠤᠵᠢᠯ ᠤᠨ ᠠᠰᠠᠷᠠᠮᠵᠢ ᠶᠢᠨ | ᠮᠥᠩᠭᠦ ᠪᠠᠷ ᠪᠦᠷᠢᠯᠳᠦᠨ᠎ᠡ᠃ ᠡᠭᠦᠨ ᠳᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠠᠰᠠᠭ ᠤᠨ ᠣᠷᠳᠣᠨ ᠡᠭᠦᠷᠭᠡᠯᠡᠨ᠎ᠡ᠃ ᠬᠤᠪᠢ ᠬᠥᠮᠥᠨ ᠤ | ᠳᠠᠩᠰᠠ ᠳᠠᠬᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠤᠪᠢ ᠬᠥᠮᠥᠨ ᠰᠦᠢᠳᠬᠡᠯ ᠲᠤᠰᠢᠶᠠᠵᠤ ᠬᠤᠷᠠᠮᠳᠤᠭᠤᠯᠵᠤ᠂ ᠢᠯᠡᠭᠦᠦ ᠲᠤᠰᠢᠶᠠᠪᠠᠯ ᠢᠯᠡᠭᠦᠦ ᠣᠯᠵᠤ᠂ | ᠤᠳᠠᠭᠠᠨ ᠲᠤᠰᠢᠶᠠᠪᠠᠯ ᠢᠯᠡᠭᠦᠦ ᠣᠯᠣᠨ᠎ᠠ᠂ ᠪᠠᠷᠢᠮᠵᠢᠶ᠎ᠠ ᠨᠢ ᠬᠤᠪᠢ ᠬᠥᠮᠥᠨ ᠤ ᠳᠠᠩᠰᠠ ᠶᠢᠨ ᠬᠠᠳᠠᠭᠠᠯᠠᠮᠵᠢ ᠶᠢᠨ ᠲᠤᠭ᠎ᠠ ᠶᠢ ᠪᠤᠳᠤᠵᠤ ᠣᠯᠭᠤᠬᠤ ᠰᠠᠭᠤᠷᠢ | ᠲᠤᠭ᠎ᠠ ᠪᠠᠷ ᠬᠤᠪᠢᠶᠠᠨ᠎ᠠ᠃ ᠬᠤᠶᠠᠷ ᠲᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠬᠡᠪ ᠤᠨ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠪᠠ᠂ | ᠲᠤᠬᠠᠶᠢᠯᠠᠪᠠᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ᠂ ᠪᠠᠷᠠᠭᠠᠨ ᠤ ᠦᠨ᠎ᠡ ᠶᠢᠨ ᠬᠤᠪᠢᠷᠠᠯᠲᠠ ᠪᠠ ᠠᠵᠢᠯᠲᠠᠨ ᠠᠵᠢᠯᠴᠢᠨ ᠤ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠪᠤᠰᠤᠳ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ | ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠨ᠎ᠡ᠃ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠨᠡᠶᠢᠲᠡ ᠨᠠᠢᠮᠠ ᠤᠳᠠᠭ᠎ᠠ ᠲᠣᠬᠢᠷᠠᠭᠤᠯᠤᠯᠲᠠ ᠬᠢᠵᠦ᠂ ᠰᠠᠭᠤᠷᠢ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠠᠩᠬ᠎ᠠ ᠡᠬᠢᠨ ᠤ 55 ᠲᠥᠭᠦᠷᠢᠭ ᠠᠴᠠ ᠣᠳᠣᠬᠠᠨ ᠤ 140 ᠲᠥᠭᠦᠷᠢᠭ ᠪᠣᠯᠭᠠᠨ ᠲᠣᠬᠢᠷᠠᠭᠤᠯᠵᠤ᠂ ᠬᠤᠶᠠᠷ ᠳᠠᠬᠢᠨ ᠢᠯᠡᠭᠦᠦ ᠳᠡᠭᠡᠭᠰᠢᠯᠡᠭᠦᠯᠪᠡ᠃ | ᠮᠠᠨ ᠤ ᠣᠷᠣᠨ ᠤ 7 ᠠᠶᠢᠮᠠᠭ ᠬᠤᠲᠠ ᠲᠤᠬᠠᠢ ᠶᠢᠨ ᠭᠠᠵᠠᠷ ᠤᠨ ᠠᠵᠤ ᠠᠬᠤᠢ ᠶᠢᠨ ᠪᠠᠶᠢᠳᠠᠯ ᠢᠶᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠰᠠᠭᠤᠷᠢᠨ ᠳᠡᠭᠡᠷ᠎ᠡ᠂ ᠠᠳᠠᠯᠢ ᠪᠤᠰᠤ ᠬᠡᠮᠵᠢᠶ᠎ᠡ ᠪᠠᠷ ᠪᠠᠷᠢᠮᠵᠢᠶ᠎ᠠ ᠪᠠᠨ ᠳᠡᠭᠡᠭᠰᠢᠯᠡᠭᠦᠯᠪᠡ᠃ ᠣᠯᠭᠤᠮᠵᠢ ᠬᠠᠷᠠᠭᠠᠯᠵᠠᠯ ᠢ ᠬᠡᠳᠦᠢ ᠪᠠᠷ ᠲᠠᠰᠤᠷᠠᠯᠲᠠ | ᠦᠭᠡᠢ ᠲᠣᠬᠢᠷᠠᠭᠤᠯᠵᠤ ᠪᠠᠶᠢᠭ᠎ᠠ ᠪᠣᠯᠪᠠᠴᠤ ᠬᠡᠪ ᠤᠨ ᠲᠣᠬᠢᠷᠠᠭᠤᠯᠤᠯᠲᠠ ᠬᠢᠬᠦ ᠲᠣᠭᠲᠠᠴᠠ ᠦᠭᠡᠢ ᠤᠴᠢᠷ ᠠᠴᠠ ᠲᠣᠬᠢᠷᠠᠭᠤᠯᠤᠯᠲᠠ ᠶᠢᠨ ᠲᠠᠰᠢᠷᠠᠮ ᠤᠨ ᠴᠢᠨᠠᠷ ᠨᠢ | ᠨᠡᠯᠢᠶᠡᠳ ᠶᠡᠭᠡ ᠪᠠᠶᠢᠳᠠᠭ᠃ ᠡᠨᠡ ᠬᠦ ᠲᠣᠭᠲᠠᠴᠠ ᠶᠢ ᠪᠠᠶᠢᠭᠤᠯᠤᠭᠰᠠᠨ ᠠᠴᠠ ᠬᠤᠶᠢᠰᠢᠳᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠣᠬᠢᠷᠠᠭᠤᠯᠤᠯᠲᠠ ᠨᠢ ᠳᠠᠷᠤᠢ ᠪᠠᠲᠤᠯᠠᠭ᠎ᠠ ᠲᠠᠢ ᠪᠣᠯᠪᠠ᠃ ᠭᠤᠷᠪᠠ ᠳᠤ᠂ | ᠬᠤᠪᠢ ᠬᠥᠮᠥᠨ ᠤ ᠰᠦᠢᠳᠬᠡᠯ ᠲᠤᠰᠢᠶᠠᠬᠤ ᠲᠠᠰ ᠪᠠ ᠨᠥᠬᠦᠪᠦᠷᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠪᠠ᠃ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠨᠢ᠂ | ᠥᠪᠡᠷᠲᠡᠭᠡᠨ ᠵᠠᠰᠠᠬᠤ ᠣᠷᠣᠨ ᠰᠠᠭᠤᠭᠠᠯᠢ ᠠᠷᠠᠳ ᠤᠨ ᠣᠷᠣᠯᠭ᠎ᠠ ᠶᠢᠨ ᠪᠠᠶᠢᠳᠠᠯ ᠢ ᠦᠨᠳᠦᠰᠦᠯᠡᠨ᠂ ᠰᠦᠢᠳᠬᠡᠯ ᠲᠤᠰᠢᠶᠠᠬᠤ ᠲᠠᠰ ᠢ ᠵᠣᠬᠢᠰᠲᠠᠢ ᠲᠣᠭᠲᠠᠭᠠᠬᠤ ᠪᠠ | ᠴᠠᠭ ᠲᠤᠬᠠᠢ ᠳᠤ ᠨᠢ ᠲᠣᠬᠢᠷᠠᠭᠤᠯᠤᠨ᠎ᠠ᠃ ︽ᠬᠤᠶᠠᠷ ᠲᠣᠭᠲᠠᠴᠠ︾ ᠶᠢᠨ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠭᠠᠤ ᠳᠤ᠂ ᠪᠢᠳᠡ ᠰᠦᠢᠳᠬᠡᠯ ᠲᠤᠰᠢᠶᠠᠬᠤ | ᠲᠠᠰ ᠲᠤ ᠲᠣᠬᠢᠷᠠᠭᠤᠯᠤᠯᠲᠠ ᠬᠢᠪᠡ᠃ ᠬᠠᠮᠤᠭ ᠤᠨ ᠳᠣᠣᠷ᠎ᠠ ᠰᠦᠢᠳᠬᠡᠯ ᠲᠤᠰᠢᠶᠠᠬᠤ ᠲᠡᠰ ᠢ ᠤᠤᠯ ᠤᠨ 100 ᠲᠥᠭᠦᠷᠢᠭ ᠪᠠᠶᠢᠭᠰᠠᠨ ᠠᠴᠠ 200 ᠲᠥᠭᠦᠷᠢᠭ | ᠪᠣᠯᠭᠠᠨ ᠳᠡᠭᠡᠭᠰᠢᠯᠡᠭᠦᠯᠵᠦ᠂ ᠬᠠᠮᠤᠭ ᠤᠨ ᠥᠨᠳᠥᠷ ᠲᠤ ᠪᠠᠨ 3000 ᠲᠥᠭᠦᠷᠢᠭ ᠤᠨ ᠲᠡᠰ ᠤᠨ ᠰᠠᠭᠤᠷᠢᠨ ᠳᠡᠭᠡᠷ᠎ᠡ 5000 ᠲᠥᠭᠦᠷᠢᠭ᠂ 7000 | ᠲᠥᠭᠦᠷᠢᠭ ᠤᠨ ᠬᠤᠶᠠᠷ ᠲᠡᠰ ᠢ ᠨᠡᠮᠡᠪᠡ᠃ ᠲᠤᠰᠢᠶᠠᠬᠤ ᠶᠣᠰᠣᠲᠠᠢ ᠲᠠᠰ ᠤᠨ ᠵᠠᠰᠠᠭ ᠤᠨ ᠣᠷᠳᠣᠨ ᠠᠴᠠ ᠣᠯᠭᠤᠬᠤ ᠨᠥᠬᠦᠪᠦᠷᠢ ᠳᠤ ᠴᠦ ᠲᠣᠬᠢᠷᠠᠭᠤᠯᠤᠯᠲᠠ ᠬᠢᠵᠦ | ᠂ ᠤᠤᠯ ᠤᠨ ᠬᠠᠮᠤᠭ ᠤᠨ ᠥᠨᠳᠥᠷ ᠨᠥᠬᠦᠪᠦᠷᠢ ᠶᠢ 85 ᠲᠥᠭᠦᠷᠢᠭ ᠪᠠᠶᠢᠭᠰᠠᠨ ᠠᠴᠠ 100 ᠲᠥᠭᠦᠷᠢᠭ ᠪᠣᠯᠭᠠᠨ ᠲᠣᠬᠢᠷᠠᠭᠤᠯᠵᠠᠢ᠃ ᠳᠥᠷᠪᠡ ᠳᠤ᠂ ᠬᠤᠪᠢ | ᠬᠥᠮᠥᠨ ᠤ ᠲᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠱᠠᠭᠠᠷᠳᠠᠯᠭ᠎ᠠ | ᠳᠤᠷᠠᠳᠪᠠ᠃ ︽ᠬᠤᠶᠠᠷ ᠲᠣᠭᠲᠠᠴᠠ︾ ᠶᠢᠨ ᠪᠢᠴᠢᠭ ᠮᠠᠲ᠋ᠧᠷᠢᠶᠠᠯ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠠᠭᠤᠷᠢ ᠮᠥᠩᠭᠦ ᠳᠤ ᠪᠡᠯᠡ ᠣᠷᠣᠭᠤᠯᠤᠨ ᠡᠵᠡᠩᠨᠡᠯᠲᠡ ᠬᠢᠵᠦ᠂ ᠰᠠᠭᠤᠷᠢ ᠮᠥᠩᠭᠦ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ | ᠪᠡᠶᠡᠯᠡᠭᠦᠯᠵᠦ᠂ ᠬᠤᠪᠢ ᠬᠥᠮᠥᠨ ᠤ ᠳᠠᠩᠰᠠ ᠳᠠᠬᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠪᠰᠢᠨ ᠪᠠ ᠰᠠᠭᠤᠷᠢ ᠮᠥᠩᠭᠦ ᠶᠢᠨ ᠳᠥᠯᠥᠬᠦ ᠴᠢᠳᠠᠪᠤᠷᠢ ᠶᠢ | ᠳᠡᠭᠡᠭᠰᠢᠯᠡᠭᠦᠯᠦᠨ᠎ᠡ ᠭᠡᠵᠦ ᠳᠤᠷᠠᠳᠪᠠ᠃ 2020 ᠣᠨ ᠳᠤ᠂ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠠᠭᠤᠷᠢ ᠮᠥᠩᠭᠦ ᠠᠴᠠ ᠨᠡᠶᠢᠲᠡ 52.59 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠡᠵᠡᠩᠨᠡᠵᠦ᠂ ᠲᠣᠰ ᠵᠢᠯ ᠤᠨ ᠡᠵᠡᠩᠨᠡᠯᠲᠡ ᠶᠢᠨ | ᠠᠰᠢᠭ ᠣᠷᠣᠯᠭ᠎ᠠ ᠨᠢ 1.19 ᠳ᠋ᠦᠩᠰᠢᠭᠤᠷ ᠲᠥᠭᠦᠷᠢᠭ ᠲᠤ ᠬᠦᠷᠴᠡᠢ᠃ ᠤᠯᠤᠰ ᠤᠨ ᠱᠠᠭᠠᠷᠳᠠᠯᠭ᠎ᠠ ᠶᠣᠰᠣᠭᠠᠷ᠂ ᠲᠠᠷᠠᠭᠠᠴᠢ ᠶᠢᠨ ᠠᠯᠬᠤᠮ ᠳᠤ ᠪᠢᠳᠡ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠨᠠᠶᠢᠳᠠᠯᠭ᠎ᠠ ᠪᠠᠷ ᠪᠡᠯᠡ ᠣᠷᠣᠭᠤᠯᠵᠤ | ᠡᠵᠡᠩᠨᠡᠬᠦ ᠶᠢ ᠦᠷᠭᠦᠯᠵᠢᠯᠡᠨ ᠠᠬᠢᠭᠤᠯᠤᠨ᠎ᠠ᠃ ᠬᠥᠲᠥᠯᠥᠭᠴᠢ᠄ 2021 — 12 — 2711᠄ 06 ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ | ᠨᠢᠭᠡᠨᠲᠡ ᠪᠡᠶᠡᠯᠡᠭᠦᠯᠵᠡᠢ᠂ ᠲᠡᠭᠡᠪᠡᠯ ᠬᠤᠶᠢᠰᠢᠳᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠠᠰᠠᠷᠠᠮᠵᠢ ᠶᠢᠨ ᠳᠠᠭᠠᠳᠬᠠᠯ ᠤᠨ | ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ ᠠᠵᠢᠯ ᠢ ᠬᠡᠷᠬᠢᠨ ᠦᠷᠭᠦᠯᠵᠢᠯᠡᠭᠦᠯᠬᠦ ᠪᠤᠶ︖ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠾᠧ ᠹᠧᠩ 2021 — 12 — 27 11᠄ 06 ᠨᠢᠭᠡ ᠳᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ | ᠪᠠᠶᠢᠭ᠎ᠠ᠂ ᠣᠨᠴᠠ ᠬᠦᠴᠢᠷᠳᠡᠯᠲᠡᠢ᠂ ᠬᠦᠨᠳᠦ ᠵᠡᠮᠳᠡᠭ ᠬᠥᠮᠥᠨ᠂ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠵᠡᠷᠭᠡ ᠰᠦᠢᠳᠬᠡᠯ | ᠲᠤᠰᠢᠶᠠᠬᠤ ᠳᠤ ᠬᠦᠴᠢᠷᠲᠡᠢ ᠬᠥᠮᠥᠰ ᠲᠤ ᠳᠠᠭᠠᠳᠬᠠᠯ ᠤᠨ ᠰᠦᠢᠳᠬᠡᠯ ᠢ ᠦᠷᠭᠦᠯᠵᠢᠯᠡᠨ ᠣᠷᠣᠯᠠᠨ ᠲᠤᠰᠢᠶᠠᠭᠰᠠᠨ ᠰᠠᠭᠤᠷᠢᠨ ᠳᠡᠭᠡᠷ᠎ᠡ᠂ ᠳᠠᠬᠢᠨ ᠶᠠᠳᠠᠭᠤᠷᠠᠭᠰᠠᠳ | ᠪᠠ ᠶᠠᠳᠠᠭᠤᠷᠠᠭᠰᠠᠳ ᠢ ᠣᠷᠣᠯᠠᠨ ᠲᠤᠰᠢᠶᠠᠬᠤ ᠬᠡᠪᠴᠢᠶᠡᠨ ᠳᠤ ᠣᠷᠣᠭᠤᠯᠵᠤ᠂ 100 ᠲᠥᠭᠦᠷᠢᠭ ᠤᠨ ᠪᠠᠷᠢᠮᠵᠢᠶ᠎ᠠ ᠪᠠᠷ ᠳᠠᠭᠠᠳᠬᠠᠯ ᠤᠨ ᠰᠦᠢᠳᠬᠡᠯ ᠢ ᠨᠢ ᠣᠷᠣᠯᠠᠨ | ᠲᠤᠰᠢᠶᠠᠵᠤ ᠥᠭᠭᠦᠨ᠎ᠡ᠃ ᠬᠤᠶᠠᠷ ᠲᠤ᠂ ︽14 · 5︾ ᠶᠢᠨ ᠬᠤᠭᠤᠴᠠᠭᠠᠨ ᠳᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ ᠪᠠ ᠣᠨᠴᠠ ᠬᠦᠴᠢᠷᠳᠡᠯᠲᠡᠢ | ᠬᠥᠮᠥᠰ ᠢ ᠦᠨᠡᠮᠰᠢᠬᠦ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠭᠡᠷ ᠪᠦᠯᠢ ᠶᠢᠨ | ᠣᠷᠣᠯᠭ᠎ᠠ ᠳᠤ ᠨᠢ ᠪᠤᠳᠤᠵᠤ ᠣᠷᠣᠭᠤᠯᠬᠤ ᠦᠭᠡᠢ᠃ ᠭᠤᠷᠪᠠ ᠳᠤ᠂ ᠪᠢᠳᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠨᠠᠭᠠᠲᠤ ᠵᠠᠬ᠎ᠠ ᠶᠢᠨ ᠳᠡᠰ ᠢ ᠳᠡᠭᠡᠭᠰᠢᠯᠡᠭᠦᠯᠬᠦ ᠦᠶ᠎ᠡ ᠳᠤ ᠰᠦᠢᠳᠬᠡᠯ ᠲᠤᠰᠢᠶᠠᠬᠤ ᠳᠤ ᠬᠦᠴᠢᠷᠲᠡᠢ | ᠬᠥᠮᠥᠰ ᠲᠤ 100 ᠲᠥᠭᠦᠷᠢᠭ ᠤᠨ ᠳᠡᠰ ᠢ ᠦᠯᠡᠳᠡᠭᠡᠵᠦ ᠥᠭᠭᠦᠨ᠎ᠡ᠃ | ᠬᠥᠲᠥᠯᠥᠭᠴᠢ᠄ 2021 — 12 — 27 11᠄ 07 | ᠵᠠ᠂ ᠾᠧ ᠳᠠᠷᠤᠭ᠎ᠠ ᠶᠢᠨ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠪᠠᠰᠠ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠤᠨ ᠲᠣᠰ | ᠬᠤᠭᠤᠴᠠᠭᠠᠨ ᠤ ᠫᠷᠣᠭ᠍ᠷᠠᠮ ᠢ ᠭᠥᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠪᠣᠯᠵᠤ᠂ ᠲᠣᠰ ᠤᠳᠠᠭᠠᠨ ᠤ ᠰᠣᠷᠪᠤᠯᠵᠢᠯᠠᠭ᠎ᠠ | ᠠᠳᠡ ᠬᠦᠷᠦᠭᠡᠳ ᠲᠡᠭᠦᠰᠦᠯ᠎ᠡ᠂ ᠲᠠᠷᠠᠭᠠᠴᠢ ᠶᠢᠨ ᠬᠤᠭᠤᠴᠠᠭᠠᠨ ᠳᠤ ᠪᠠᠶᠠᠷᠲᠠᠢ ᠵᠣᠯᠭᠠᠶ᠎ᠠ︕ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ | ᠾᠧ ᠹᠧᠩ 2021 — 12 — 27 11᠄ 07 ᠪᠠᠶᠠᠷᠲᠠᠢ︕ | |