ᠮᠠᠨ ᠤ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2022/3/21
        ᠤᠶᠢᠷ᠎ᠠ ᠶᠢᠨ  ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃  ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠱᠦᠵᠢ  ᠮᠧᠩ ᠵᠢᠶᠦ᠋ᠨ᠂ ᠬᠤᠰᠢᠭᠤᠨ ᠤ ᠤᠳᠤᠷᠢᠳᠤᠯᠭ᠎ᠠ ᠨᠠᠷᠠᠰᠤ᠂  ᠵᠤ᠋ ᠹᠧᠩ᠂ ᠶᠢᠨ ᠳ᠋ᠦᠩ᠂  ᠪᠤᠯᠤᠳ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃        ᠪᠠᠶᠠᠨᠪᠤᠯᠠᠭ ᠪᠠᠯᠭᠠᠰᠤ ᠶᠢᠨ ᠲᠤᠸᠠᠨ ᠵᠢᠶᠧ ᠲᠣᠰᠬᠤᠨ᠂ ᠰᠠᠨ ᡁᠢ ᠴᠢᠦᠢ ᠲᠣᠰᠬᠤᠨ᠂  ᠤᠣ ᠶᠢᠨ ᠭᠤᠤᠯ ᠰᠤᠮᠤ ᠶᠢᠨ ᠪᠠᠶᠠᠨᠠᠠᠭᠤᠷ ᠭᠠᠴᠠᠭ᠎ᠠ᠂  ᠬᠦᠭᠡᠨ᠋ᠦ᠋ᠠᠲᠤᠷ ᠪᠠᠯᠭᠠᠰᠤ ᠶᠢᠨ ᠭᠤᠸᠠᠩ ᠯᠢᠨ ᠲᠣᠰᠬᠤᠨ᠂ ᠪᠠᠷᠠᠭᠤᠨ ᠪᠤᠯᠤᠩ  ᠭᠠᠴᠠᠭ᠎ᠠ ᠵᠡᠷᠭᠡ ᠭᠠᠵᠠᠷ ᠲᠤ᠂ ᠸᠠᠩ ᠶᠢᠨ ᠪᠦᠦ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃         ᠸᠠᠩ ᠶᠢᠨ ᠪᠦᠦ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ᠨᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂  ᠵᠤᠶᠢᠯ ᠵᠤᠶᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠠᠰ ᠳᠠᠷᠠᠭᠠᠯᠠᠯ ᠲᠠᠢ ᠴᠠᠭ ᠲᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠲᠠᠷᠢᠮᠠᠯ ᠢ ᠨᠠᠶᠢᠳᠠᠨ ᠬᠠᠮᠢᠶᠠᠷᠤᠭᠤᠯᠬᠤ᠂ ᠬᠤᠪᠢ ᠣᠷᠣᠭᠤᠯᠤᠨ ᠬᠤᠷᠰᠢᠬᠤ ᠵᠡᠷᠭᠡ ᠤᠯᠠᠨ ᠵᠦᠢᠯ ᠤᠨ ᠵᠠᠭᠪᠤᠷ ᠢ ᠬᠡᠷᠡᠭᠯᠡᠵᠦ᠂ ᠡᠳ᠋ ᠤᠨ ᠵᠠᠰᠠᠭ᠂ ᠢᠲᠡᠭᠡᠮᠵᠢᠲᠦ ᠵᠢᠭᠡᠯᠡᠯᠭᠡ᠂ ᠳᠠᠭᠠᠳᠬᠠᠯ ᠵᠡᠷᠭᠡ ᠲᠠᠯ᠎ᠠ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠢᠵᠢ ᠪᠦᠷᠢᠳᠦᠭᠦᠯᠵᠦ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠦᠢᠯᠡᠰ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠶ᠃ ᠳᠡᠭᠡᠳᠦ ᠲᠡᠰ ᠤᠨ᠂ ᠥᠨᠳᠥᠷ ᠦᠷ᠎ᠡ ᠠᠰᠢᠭ ᠲᠠᠢ᠂ ᠥᠨᠳᠥᠷ ᠨᠡᠮᠡᠯᠲᠡ ᠦᠷᠳᠡᠭ ᠲᠠᠢ ᠬᠥᠭᠵᠢᠯᠲᠡ ᠶᠢᠨ ᠴᠢᠭᠯᠡᠯ ᠢ ᠬᠠᠷᠠᠭᠠᠯᠠᠨ᠂ ᠨᠡᠶᠢᠲᠡᠯᠢᠭ  ᠵᠢᠱᠢᠶ᠎ᠠ ᠦᠵᠡᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠳᠠᠮᠵᠢᠭᠤᠯᠤᠨ᠂ ᠤᠨᠴᠠᠯᠢᠭᠳᠤ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠴᠤᠭᠯᠠᠷᠠᠯ ᠤᠨ ᠦᠢᠯᠡᠳᠦᠯ᠂ ᠬᠡᠪᠴᠢᠶᠡᠵᠢᠯ ᠤᠨ ᠦᠢᠯᠡᠳᠦᠯ ᠢ ᠪᠤᠢ ᠪᠣᠯᠭᠠᠬᠤ ᠬᠡᠷᠡᠭᠲᠡᠢ᠃        ᠸᠠᠩ ᠶᠢᠨ ᠪᠦᠦ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠤᠶᠢᠯᠡᠴᠢᠯᠡᠭᠡᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ  ᠬᠦᠢᠴᠡᠳᠭᠡᠨ᠂ ᠨᠡᠪᠲᠡᠷᠡᠯᠴᠡᠨ ᠵᠣᠯᠭᠠᠭᠤᠯᠬᠤ ᠪᠠᠨ ᠴᠢᠩᠭᠠᠳᠬᠠᠵᠤ᠂ ᠵᠣᠬᠢᠴᠠᠭᠤᠯᠤᠨ ᠲᠣᠬᠢᠷᠠᠭᠤᠯᠬᠤ ᠪᠠᠨ ᠴᠢᠩᠭᠠᠳᠬᠠᠨ᠂ ᠲᠥᠷᠥᠯ ᠵᠤᠶᠢᠯ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ  ᠰᠡᠢᠳᠪᠤᠷᠢᠯᠡᠵᠤ᠂ ᠲᠥᠷᠥᠯ ᠵᠤᠶᠢᠯ ᠢ ᠲᠦᠷᠭᠡᠨ ᠠᠬᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠬᠤᠸᠠᠩᠭᠠᠩ ᠲᠤᠷᠰᠢᠯᠲᠠ ᠶᠢᠨ ᠰᠤᠷᠭᠠᠭᠤᠯᠢ ᠶᠢᠨ ᠤᠷᠠᠳ ᠤᠨ ᠬᠤᠶᠢᠲᠤ ᠬᠤᠰᠢᠭᠤᠨ ᠤ ᠬᠤᠪᠢᠶᠠᠷᠢ ᠰᠤᠷᠭᠠᠭᠤᠯᠢ ᠳᠤ ᠬᠦᠷᠴᠦ ᠰᠤᠷᠭᠠᠭᠤᠯᠢ ᠡᠬᠢᠯᠡᠬᠦ ᠠᠴᠠ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠠᠶᠢᠴᠠᠭᠠᠪᠠ᠃         ᠸᠠᠩ ᠶᠢᠨ ᠪᠦᠦ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠷᠬᠡᠪᠰᠢ ᠬᠠᠮᠲᠤᠷᠠᠨ ᠰᠤᠷᠭᠠᠭᠤᠯᠢ ᠡᠷᠭᠢᠯᠡᠬᠦ ᠠᠵᠠ ᠲᠣᠬᠢᠶᠠᠯ ᠢ ᠴᠢᠩᠭ᠎ᠠ ᠠᠳᠬᠤᠨ᠂ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠢᠶᠠᠨ ᠰᠢᠨᠡᠳᠬᠡᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠶ᠃ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠠᠵᠢᠯ ᠢ ᠲᠦᠷᠭᠡᠨ ᠠᠬᠢᠭᠤᠯᠵᠤ᠂ ᠠᠷᠤ ᠲᠠᠯ᠎ᠠ ᠶᠢᠨ ᠦᠢᠯᠡᠴᠢᠯᠡᠭᠡ ᠶᠢ ᠴᠢᠨᠠᠭᠰᠢᠳᠠ ᠴᠢᠩᠭᠠᠳᠬᠠᠵᠤ᠂ ᠳᠤᠲᠠᠭᠤᠳᠠᠯ ᠢ ᠣᠨᠣᠪᠴᠢᠲᠠᠢ ᠨᠥᠬᠦᠪᠥᠷᠢᠯᠡᠵᠦ᠂ ᠪᠠᠭᠰᠢ ᠰᠤᠷᠤᠭᠴᠢᠳ ᠲᠤ ᠰᠠᠶᠢᠨ ᠰᠠᠶᠢᠬᠠᠨ ᠠᠵᠢᠯᠯᠠᠬᠤ ᠪᠠ ᠰᠤᠷᠤᠯᠴᠠᠬᠤ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢᠨ ᠶᠠᠪᠤᠴᠠ ᠳᠠᠬᠢ ᠬᠦᠴᠢᠷ ᠠᠰᠠᠭᠤᠳᠠᠯ ᠢ ᠴᠠᠭ ᠲᠤᠬᠠᠶ ᠳᠤᠨᠢ  ᠰᠡᠢᠳᠪᠤᠷᠢᠯᠡᠵᠤ᠂ ᠰᠤᠷᠭᠠᠨ ᠬᠥᠮᠦᠵᠢᠯ ᠤᠨ ᠬᠥᠭᠵᠢᠯᠲᠡ ᠳᠤ ᠰᠢᠯᠢᠳᠡᠭ ᠰᠠᠶᠢᠨ ᠣᠷᠴᠢᠨ ᠲᠣᠭᠤᠷᠢᠨ ᠢ ᠡᠭᠦᠳᠦᠨ ᠥᠭᠴᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢᠶᠠᠷ ᠥᠷᠭᠡᠨ ᠣᠯᠠᠨ ᠲᠦᠮᠡᠨ ᠳᠤ ᠡᠷᠲᠡᠬᠡᠨ ᠠᠰᠢᠭ ᠬᠦᠷᠲᠡᠭᠡᠬᠦ ᠬᠡᠷᠡᠭᠲᠡᠶ ᠭᠡᠪᠡ᠃                                    ᠰᠤᠷᠪᠤᠯᠵᠢᠯᠠᠭᠴᠢ᠄  ᠤᠯᠠᠭᠠᠨ  ᠯᠢ ᠶᠠᠨ
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ