| | | | ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ | ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 | ᠳ᠋ᠤᠭᠠᠷ ᠰᠠᠷ᠎ᠠ ᠶᠢᠨ 14 ᠤ ᠡᠳᠦᠷ ᠲᠦᠷᠦ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂《ᠵᠠᠰᠠᠭ ᠤᠨ ᠣᠷᠳᠣᠨ ᠤ ᠠᠵᠢᠯ ᠤᠨ | ᠢᠯᠡᠳᠬᠡᠯ》ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ | ᠬᠤᠪᠢᠶᠠᠷᠢᠯᠠᠯ ᠢ ᠲᠣᠭᠲᠠᠭᠠᠵᠤ᠂ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠪᠥᠭᠡᠳ | ᠡᠷᠴᠢᠮᠲᠡᠢ ᠠᠳᠬᠤᠵᠤ᠂ ᠠᠵᠤ ᠠᠬᠤᠢ ᠶᠢᠨ ᠳᠠᠪᠠᠭ᠎ᠠ ᠳᠠᠪᠠᠭ᠋ᠤ | ᠶᠠᠪᠤᠴᠠ ᠳᠠᠬᠢ ᠲᠣᠭᠲᠠᠭᠤᠨ ᠤᠷᠤᠭᠰᠢᠯᠠᠯᠲᠠ ᠶᠢ ᠠᠬᠢᠭᠤᠯᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ | ᠲᠡᠭᠦᠰᠦᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯᠳᠤᠭᠠᠨ ᠠᠴᠠ ᠬᠢᠨᠠᠨ ᠵᠥᠪᠯᠡᠵᠦ | ᠪᠠᠲᠤᠯᠠᠭᠰᠠᠨ 《ᠵᠠᠰᠠᠭ ᠤᠨ ᠣᠷᠳᠣᠨ ᠤ ᠠᠵᠢᠯ ᠤᠨ | ᠢᠯᠡᠳᠬᠡᠯ》ᠨᠢ ᠪᠦᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠣᠯᠣᠨ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠡᠷᠬᠡᠪᠰᠢ | ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠤᠭᠤᠰᠢᠲᠠᠢ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠷᠠᠳ | ᠲᠦᠮᠡᠨ ᠳᠤ ᠠᠮᠠᠯᠳᠠᠭᠰᠠᠨ ᠠᠮᠠᠯᠠᠯᠲᠠ ᠶᠢ ᠪᠡᠶᠡᠯᠡᠭᠦᠯᠬᠦ | ᠬᠡᠷᠡᠭᠲᠡᠢ ᠭᠡᠵᠡᠢ᠃ ᠬᠤᠷᠠᠯ ᠠᠴᠠ 《ᠵᠠᠰᠠᠭ ᠤᠨ ᠣᠷᠳᠣᠨ ᠤ | ᠠᠵᠢᠯ ᠤᠨ 》ᠳᠤ ᠳᠤᠷᠠᠳᠤᠭᠰᠠᠨ 44 ᠲᠠᠯ᠎ᠠ ᠶᠢᠨ 52 ᠵᠦᠢᠯ ᠤᠨ | ᠭᠤᠣᠯᠳᠠᠯᠭ᠎ᠠ ᠲᠠᠢ ᠠᠵᠢᠯ ᠢ ᠲᠥᠷᠥ ᠶᠢᠨ ᠶᠠᠪᠤᠳᠠᠯ ᠤᠨ | ᠬᠤᠷᠢᠶᠠᠨ ᠤ ᠡᠯ᠎ᠡ ᠰᠠᠯᠠᠭ᠎ᠠ ᠮᠥᠴᠢᠷ ᠪᠣᠯᠣᠨ ᠬᠤᠯᠪᠣᠭᠳᠠᠯ | ᠪᠦᠬᠦᠢ ᠣᠷᠣᠨ ᠨᠤᠲᠤᠭ ᠲᠤ ᠨᠢᠭᠡᠳ ᠨᠢᠭᠡ ᠪᠠᠷ ᠬᠤᠪᠢᠶᠠᠨ | ᠥᠭᠭᠦᠭᠰᠡᠨ ᠪᠥᠭᠡᠳ ᠬᠠᠷᠢᠭᠤᠴᠠᠯᠭ᠎ᠠ ᠪᠣᠯᠣᠨ ᠪᠡᠶᠡᠯᠡᠭᠦᠯᠬᠦ | ᠴᠠᠭ ᠤᠨ ᠬᠢᠵᠠᠭᠠᠷ ᠢ ᠲᠣᠳᠣᠷᠬᠠᠢ ᠲᠣᠭᠲᠠᠭᠠᠵᠠᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠣᠳᠣᠬᠠᠨ ᠤ | ᠠᠵᠤ ᠠᠬᠤᠢ ᠶᠢᠨ ᠠᠵᠢᠯᠯᠠᠭᠠᠨ ᠤᠷᠤᠭᠤᠳᠠᠬᠤ ᠰᠢᠨ᠎ᠡ | ᠳᠠᠷᠤᠯᠲᠠ ᠳᠤ ᠲᠤᠯᠭᠠᠷᠠᠵᠤ᠂ ᠬᠦᠴᠢᠷᠳᠡᠯ ᠪᠠ ᠥᠷᠢᠰᠦᠯᠳᠦᠭᠡᠨ | ᠨᠡᠮᠡᠭᠳᠡᠵᠦ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ | ᠦᠶᠡᠯᠡᠯ ᠤᠨ ᠴᠢᠨᠠᠷᠲᠠᠢ ᠲᠣᠬᠢᠷᠠᠭᠤᠯᠤᠯᠲᠠ ᠶᠢ | ᠴᠢᠩᠭᠠᠳᠬᠠᠵᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠨᠠᠩ | ᠲᠣᠪᠣᠶᠢᠮ᠎ᠠ ᠪᠠᠶᠢᠷᠢᠨ ᠳᠤ ᠲᠠᠯᠪᠢᠵᠤ᠂ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠶᠢᠷᠡᠭᠦᠯᠦᠨ᠂ ᠪᠥᠬᠦ ᠵᠢᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ ᠨᠢᠭᠡ ᠳᠤ᠂ | ᠳᠡᠯᠡᠬᠡᠢ ᠶᠢᠨ ᠪᠠᠶᠢᠳᠠᠯ ᠤᠨ ᠬᠤᠪᠢᠷᠠᠯᠲᠠ᠂ ᠭᠤᠣᠯ ᠪᠣᠯᠬᠤ | ᠠᠵᠤ ᠠᠬᠤᠢ ᠶᠢᠨ ᠴᠣᠭᠴᠠ ᠶᠢᠨ ᠬᠤᠷᠸ᠎ᠠ ᠲᠦᠷᠦ ᠶᠢᠨ | ᠪᠣᠳᠣᠯᠭ᠎ᠠ ᠶᠢᠨ ᠲᠣᠬᠢᠷᠠᠭᠤᠯᠤᠯᠲᠠ᠂ ᠥᠷᠭᠡᠨ ᠬᠡᠷᠡᠭᠴᠡᠭᠡᠨ ᠤ | ᠲᠠᠸᠠᠷ ᠤᠨ ᠵᠠᠬ᠎ᠠ ᠳᠡᠯᠭᠡᠭᠦᠷ ᠤᠨ ᠬᠠᠨᠳᠤᠰᠢ ᠵᠡᠷᠭᠡ ᠪᠠ | ᠮᠠᠨ ᠤ ᠤᠯᠤᠰ ᠲᠤ ᠦᠵᠡᠭᠦᠯᠬᠦ ᠨᠥᠯᠥᠭᠡ ᠶᠢ ᠨᠢᠭᠲᠠ ᠮᠥᠷᠳᠡᠵᠦ᠂ | ᠠᠷᠭᠠᠴᠠᠭᠠᠬᠤ ᠠᠷᠭ᠎ᠠ ᠬᠡᠮᠵᠢᠶ᠎ᠡ ᠪᠠᠨ ᠲᠠᠰᠤᠷᠠᠯᠳᠠ ᠦᠭᠡᠢ | ᠲᠡᠭᠦᠯᠳᠡᠷᠵᠢᠭᠦᠯᠵᠦ᠂ ᠠᠵᠤ ᠠᠬᠤᠢ ᠶᠢᠨ ᠨᠡᠮᠡᠭᠳᠡᠯ᠂ ᠠᠵᠢᠯ | ᠣᠯᠭᠤᠯᠲᠠ᠂ ᠪᠠᠷᠠᠭᠠᠨ ᠤ ᠦᠨ᠎ᠡ ᠵᠡᠷᠭᠡ ᠶᠢ ᠵᠦᠢ ᠵᠣᠬᠢᠰᠲᠠᠢ | ᠣᠷᠣᠨ ᠵᠠᠢ ᠳᠤ ᠲᠣᠭᠲᠠᠭᠤᠨ ᠪᠠᠶᠢᠯᠭᠠᠬᠤ ᠶᠢ ᠦᠨᠡᠨ ᠬᠦ | ᠪᠠᠲᠤᠯᠠᠨ᠎ᠠ᠃ ᠬᠤᠶᠠᠷ ᠲᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ | ᠪᠠᠲᠤᠯᠠᠬᠤ ᠬᠤᠷᠸ᠎ᠠ ᠲᠦᠷᠦ ᠶᠢᠨ ᠪᠣᠳᠣᠯᠭ᠎ᠠ ᠶᠢ | ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ᠭᠠᠶᠢᠯᠢ ᠶᠢ | ᠪᠤᠴᠠᠭᠠᠵᠤ ᠭᠠᠶᠢᠯᠢ ᠶᠢ ᠬᠥᠩᠭᠡᠯᠡᠬᠦ ᠪᠣᠯ ᠡᠨᠡ ᠵᠢᠯ ᠤᠨ | ᠬᠤᠷᠸ᠎ᠠ ᠠᠵᠤ ᠠᠬᠤᠢ ᠶᠢᠨ ᠶᠡᠭᠡ ᠬᠠᠨᠳᠤᠰᠢ ᠶᠢ | ᠲᠣᠭᠲᠠᠪᠤᠷᠢᠵᠢᠭᠤᠯᠬᠤ ᠵᠠᠩᠭᠢᠯᠠᠭ᠎ᠠ ᠶᠢᠨ ᠴᠢᠨᠠᠷᠲᠠᠢ ᠠᠷᠭ᠎ᠠ | ᠬᠡᠮᠵᠢᠶ᠎ᠡ ᠮᠥᠨ᠂ ᠦᠷᠳᠡᠭ ᠨᠡᠮᠡᠭᠳᠡᠯ ᠤᠨ ᠭᠠᠶᠢᠯᠢ ᠶᠢ | ᠦᠯᠡᠳᠡᠭᠡᠬᠦ ᠪᠠ ᠲᠤᠯᠭᠠᠨ ᠪᠤᠴᠠᠭᠠᠬᠤ | ᠬᠡᠷᠡᠭᠵᠢᠭᠦᠯᠦᠯᠲᠡ ᠶᠢᠨ ᠲᠥᠰᠥᠯ ᠢ ᠠᠯᠢ ᠲᠦᠷᠭᠡᠨ ᠢᠶᠠᠷ | ᠨᠠᠷᠢᠯᠢᠭᠵᠢᠭᠤᠯᠤᠨ ᠨᠡᠶᠢᠲᠡᠯᠡᠵᠦ᠂ ᠪᠤᠴᠠᠭᠠᠬᠤ ᠶᠣᠰᠣᠲᠠᠢ | ᠭᠠᠶᠢᠯᠢ ᠶᠢᠨ ᠵᠣᠭᠤᠰ ᠤᠨ ᠲᠦᠷᠭᠡᠨ ᠪᠤᠴᠠᠭᠠᠵᠤ | ᠪᠣᠯᠬᠤ ᠶᠢ ᠨᠢ ᠲᠦᠷᠭᠡᠨ ᠪᠤᠴᠠᠭᠠᠵᠤ᠂ ᠲᠣᠭᠲᠠᠭᠠᠭᠰᠠᠨ | ᠴᠠᠭ ᠤᠨ ᠬᠢᠵᠠᠭᠠᠷ ᠶᠣᠰᠣᠭᠠᠷ ᠠᠵᠤ ᠠᠬᠤᠶᠢᠯᠠᠯ ᠤᠨ | ᠲᠠᠩᠰᠠᠨ ᠳᠤ ᠪᠤᠴᠠᠭᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠭᠡ ᠶᠢᠨ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ | ᠪᠤᠰᠤᠳ ᠲᠦᠷᠤ ᠶᠢᠨ ᠪᠣᠳᠣᠯᠭ᠎ᠠ ᠶᠢ ᠳᠡᠮᠵᠢᠬᠦ ᠲᠠᠯ᠎ᠠ ᠪᠠᠷ | ᠬᠤᠭᠤᠴᠠᠭ᠎ᠠ ᠶᠢ ᠨᠢ ᠤᠷᠲᠤᠳᠬᠠᠬᠤ᠂ ᠬᠡᠪᠴᠢᠶ᠎ᠡ ᠶᠢ ᠨᠢ | ᠥᠷᠭᠡᠳᠬᠡᠬᠦ᠂ ᠬᠦᠴᠦ ᠨᠡᠮᠡᠬᠦ ᠪᠣᠳᠠᠲᠠᠢ | ᠲᠣᠬᠢᠷᠠᠭᠤᠯᠤᠯᠲᠠ ᠶᠢ ᠱᠠᠯᠠᠪᠳᠠᠨ ᠰᠤᠳᠤᠯᠬᠤ ᠬᠡᠷᠡᠭᠲᠡᠢ᠃ | ᠣᠨᠴᠠ ᠲᠣᠭᠲᠠᠭᠠᠭᠰᠠᠨ ᠤᠯᠤᠰ ᠤᠨ ᠥᠮᠴᠢᠯᠡᠯᠲᠦ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠠ ᠲᠤᠰᠬᠠᠢ | ᠡᠵᠡᠩᠨᠡᠯᠲᠡ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ | ᠳᠡᠭᠡᠭᠰᠢ ᠲᠤᠰᠢᠶᠠᠭᠰᠠᠨ ᠠᠰᠢᠭ ᠬᠤᠨᠵᠢᠪᠤᠷᠢ ᠶᠢ ᠴᠠᠭ | ᠲᠤᠬᠠᠢ ᠳᠤ ᠨᠢ ᠬᠥᠮᠥᠷᠭᠡ ᠳᠤ ᠣᠷᠣᠭᠤᠯᠬᠤ᠂ ᠣᠷᠣᠨ ᠨᠤᠲᠤᠭ ᠤᠨ | ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠬᠤ ᠶᠢ | ᠳᠡᠮᠵᠢᠨ ᠰᠢᠯᠵᠢᠭᠦᠯᠦᠨ ᠥᠭᠬᠦ ᠶᠢ ᠬᠤᠲᠠ ᠰᠢᠶᠠᠨ ᠤ ᠦᠨᠳᠦᠰᠦᠨ | ᠱᠠᠲᠤᠨ ᠳᠤ ᠴᠠᠭ ᠲᠤᠬᠠᠢ ᠳᠤ ᠨᠢ ᠰᠢᠭᠤᠳ ᠬᠦᠷᠭᠡᠬᠦ ᠶᠢ | ᠠᠬᠢᠭᠤᠯᠵᠤ᠂ ᠦᠨᠳᠦᠰᠦᠨ ᠱᠠᠲᠤᠨ ᠤ ᠠᠵᠤ ᠠᠬᠤᠶᠢᠯᠠᠯ ᠢ | ᠬᠠᠪᠰᠤᠷᠴᠤ ᠠᠷᠠᠳ ᠲᠤ ᠠᠰᠢᠭ ᠬᠦᠷᠲᠡᠭᠡᠬᠦ ᠡᠳ᠋ ᠤᠨ ᠬᠦᠴᠦᠨ ᠤ | ᠲᠤᠯᠭᠠᠭᠤᠷᠢᠯᠠᠯ ᠢ ᠪᠠᠲᠤᠯᠠᠨ᠎ᠠ᠃ ᠡᠯ᠎ᠡ ᠭᠠᠵᠠᠷ ᠤᠨ ᠬᠢᠨ | ᠪᠣᠳᠠᠲᠤ ᠪᠠᠶᠢᠳᠠᠯ ᠠᠴᠠ ᠪᠠᠨ ᠡᠭᠦᠰᠴᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠣᠨᠴᠠᠭᠠᠶ | ᠬᠦᠴᠢᠷᠳᠡᠯ ᠲᠠᠢ ᠠᠵᠢᠯ ᠲᠥᠷᠥᠯ ᠳᠤ ᠭᠡᠷ ᠤᠨ ᠲᠦᠷᠢᠶᠡᠰᠦ ᠶᠢ | ᠬᠠᠰᠤᠵᠤ ᠬᠡᠯᠲᠦᠷᠢᠭᠦᠯᠬᠦ᠂ ᠡᠨᠧᠷᠭᠢ ᠬᠡᠷᠡᠭᠯᠡᠬᠦ | ᠵᠠᠷᠤᠳᠠᠯ ᠢ ᠪᠠᠭᠤᠷᠠᠭᠤᠯᠬᠤ ᠵᠡᠷᠭᠡ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠠᠪᠬᠤ ᠬᠡᠷᠡᠭᠲᠡᠢ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ᠪᠣᠳᠠᠲᠠᠢ ᠠᠷᠭ᠎ᠠ ᠬᠡᠮᠵᠢᠶ᠎ᠡ ᠨᠡᠶᠢᠲᠡᠯᠡᠨ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠪᠣᠯᠣᠮᠵᠢᠲᠤ ᠴᠢᠨᠠᠷ ᠢ | ᠳᠡᠭᠡᠭᠰᠢᠯᠡᠭᠦᠯᠬᠦ᠂ ᠶᠡᠷᠦᠩᠬᠡᠶᠢᠯᠡᠭᠰᠡᠨ ᠪᠡᠯᠡ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ | ᠱᠠᠭᠠᠷᠳᠠᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠤᠨ᠎ᠠ᠃ ᠡᠭᠦᠨ ᠤ ᠵᠡᠷᠭᠡᠴᠡᠭᠡ ᠪᠠᠷ᠂ | ᠳᠣᠲᠣᠭᠠᠳᠤ ᠬᠡᠷᠡᠭᠴᠡᠭᠡ ᠶᠢ ᠢᠳᠡᠪᠬᠢᠲᠡᠢ ᠥᠷᠭᠡᠳᠬᠡᠵᠦ᠂ | ᠬᠡᠷᠡᠭᠯᠡᠭᠡ ᠶᠢᠨ ᠲᠠᠯᠳᠠ ᠬᠦᠴᠦᠨ ᠢ ᠪᠠᠳᠠᠷᠠᠭᠤᠯᠤᠨ | ᠪᠦᠲᠦᠮᠵᠢᠲᠡᠶ ᠪᠡᠯᠡ ᠣᠷᠣᠭᠤᠯᠤᠯᠲᠠ ᠶᠢ ᠨᠡᠮᠡᠭᠳᠡᠭᠦᠯᠦᠨ᠎ᠡ᠃ | ᠴᠠᠬᠢᠯᠭᠠᠨ ᠬᠦᠴᠦᠨ᠂ ᠨᠡᠭᠦᠷᠡᠰᠦᠨ ᠤ ᠲᠣᠭᠲᠠᠭᠤᠨ | ᠬᠠᠩᠭᠠᠯᠭ᠎ᠠ ᠶᠢ ᠪᠠᠲᠤᠯᠠᠨ᠎ᠠ᠃ ᠭᠤᠷᠪᠠ ᠳᠤ᠂ | ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ | ᠭᠤᠭᠴᠤᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ | 《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠦᠭᠦᠳᠡ ᠤᠯᠠᠨ ᠢᠶᠠᠷ ᠢᠶᠠᠨ ᠦᠢᠯᠡᠰ | ᠪᠣᠰᠬᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ | ᠡᠭᠦᠳᠬᠦ ᠶᠢ ᠠᠬᠢᠭᠤᠯᠵᠤ᠂ ᠦᠢᠯᠡᠰ ᠪᠣᠰᠬᠠᠵᠤ ᠰᠢᠨ᠎ᠡ ᠶᠢ | ᠡᠭᠦᠳᠬᠦ᠂ ᠠᠵᠤ ᠠᠬᠤᠶᠢᠯᠠᠯ ᠤᠨ ᠡᠵᠡᠩᠨᠡᠯᠲᠡ ᠪᠣᠯᠣᠨ | ᠰᠠᠭᠤᠭᠠᠯᠢ ᠠᠷᠠᠳ ᠤᠨ ᠬᠡᠷᠡᠭ ᠶᠠᠪᠤᠳᠠᠯ ᠢ | ᠰᠢᠢᠳᠪᠦᠷᠢᠯᠡᠬᠦ ᠳᠤ ᠲᠦᠬᠦᠮ ᠦᠵᠡᠭᠦᠯᠬᠦ ᠪᠠᠰᠠ ᠨᠢᠭᠡ ᠪᠦᠯᠦᠭ | ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠵᠦ᠂ ᠨᠡᠩ ᠤᠯᠠᠨ | ᠤᠴᠢᠷ ᠶᠠᠪᠤᠳᠠᠯ ᠢ ᠣᠨᠳᠣᠣ ᠭᠠᠵᠠᠷ ᠲᠤ ᠰᠢᠢᠳᠪᠦᠷᠢᠯᠡᠬᠦ᠂ | ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ ᠶᠢ | ᠠᠬᠢᠭᠤᠯᠤᠨ᠎ᠠ᠃ ᠪᠡᠶ᠎ᠡ ᠶᠢᠨ ᠦᠨᠡᠮᠯᠡᠯ ᠢ | ᠡᠯᠧᠺᠲᠷᠤᠨᠴᠢᠯᠠᠬᠦ ᠶᠢ ᠠᠬᠢᠭᠤᠯᠵᠤ᠂ ᠺᠣᠳ᠋ ᠰᠢᠷᠪᠢᠬᠦ ᠪᠠᠷ | ᠳᠠᠮᠵᠢᠭᠤᠯᠤᠨ ᠪᠡᠶ᠎ᠡ ᠶᠢᠨ ᠦᠨᠡᠮᠯᠡᠯ ᠬᠡᠷᠡᠭᠯᠡᠬᠦ | ᠴᠢᠬᠤᠯᠠᠲᠠᠢ ᠦᠢᠯᠡᠴᠢᠯᠡᠭᠡᠨ ᠤ ᠵᠦᠢᠯᠡᠰ ᠢ | ᠭᠦᠢᠴᠡᠳᠬᠡᠬᠦ ᠶᠢᠨ ᠬᠠᠮᠲᠤ ᠣᠯᠠᠨ ᠲᠦᠮᠡᠨ ᠤ ᠮᠡᠳᠡᠭᠡ | ᠵᠠᠩᠭᠢ ᠶᠢᠨ ᠠᠮᠤᠷ ᠲᠦᠪᠰᠢᠨ ᠪᠠ ᠬᠤᠪᠢ ᠬᠥᠮᠥᠨ ᠤ ᠨᠢᠭᠤᠴᠠ ᠶᠢ | ᠰᠠᠶᠢᠲᠤᠷ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠴᠢ | ᠥᠷᠢᠰᠦᠯᠳᠦᠭᠡᠨ ᠢ ᠬᠠᠮᠠᠭᠠᠯᠠᠨ᠎ᠠ᠃ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ | ᠲᠦᠷᠭᠡᠳᠬᠡᠨ᠎ᠡ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠵᠠᠷᠤᠳᠠᠯ ᠢ ᠨᠡᠮᠡᠨ ᠪᠤᠳᠤᠵᠤ ᠰᠠᠭᠤᠳᠬᠠᠬᠤ᠂ ᠰᠠᠭᠤᠷᠢ | ᠰᠤᠳᠤᠯᠭᠠᠨ ᠤ ᠭᠠᠶᠢᠯᠢ ᠲᠠᠲᠠᠪᠤᠷᠢ ᠶᠢᠨ ᠬᠠᠷᠠᠭᠠᠯᠵᠠᠯ | ᠦᠵᠡᠭᠦᠯᠬᠦ ᠵᠡᠷᠭᠡ ᠤᠷᠮᠠᠰᠢᠭᠤᠯᠬᠤ ᠲᠦᠷᠦ ᠶᠢᠨ | ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ | ᠲᠣᠭᠲᠠᠪᠤᠷᠢᠵᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ | ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠨᠢᠭᠡᠨᠲᠡ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ | ᠠᠷᠠᠯᠵᠢᠶ᠎ᠠ ᠪᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ | ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠤᠨ᠎ᠠ᠃ | ᠳᠥᠷᠪᠡ ᠳᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ | ᠵᠢᠷᠦᠬᠡ ᠰᠡᠳᠬᠢᠯ ᠠᠴᠠ ᠪᠠᠨ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠪᠣᠳᠠᠲᠤ ᠶᠠᠪᠤᠳᠠᠯ ᠢ ᠰᠠᠶᠢᠲᠤᠷ | ᠬᠢᠬᠦ ᠬᠡᠷᠡᠭᠲᠡᠢ᠃ ᠶᠠᠳᠠᠭᠤ ᠠᠴᠠ ᠠᠩᠬᠢᠵᠢᠷᠠᠭᠤᠯᠵᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ | ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ | ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ | ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ | ᠬᠡᠷᠡᠭᠵᠢᠭᠦᠯᠵᠦ᠂ ᠬᠦᠴᠢᠷᠳᠡᠯ ᠲᠠᠢ ᠤᠯᠠᠨ ᠲᠦᠮᠡᠨ ᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ | ᠪᠠᠲᠤ ᠰᠠᠬᠢᠬᠤ ᠬᠡᠷᠡᠭᠲᠡᠢ᠃ ᠲᠠᠪᠤ ᠳᠤ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠳ ᠲᠤᠯᠭᠠᠮᠳᠠᠭᠤ ᠰᠡᠳᠬᠢᠯᠭᠡ ᠪᠠᠨ | ᠴᠢᠩᠭᠠᠳᠬᠠᠵᠤ᠂ ᠡᠭᠦᠷᠭᠡ ᠡᠭᠦᠷᠭᠡᠯᠡᠨ ᠪᠣᠳᠠᠲᠠᠢ ᠪᠠᠷ | ᠠᠵᠢᠯᠯᠠᠵᠤ᠂ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ | ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠢ᠃ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ | ᠦᠷᠭᠦᠯᠵᠢᠯᠡᠨ ᠰᠠᠶᠢᠲᠤᠷ ᠠᠳᠬᠤᠵᠤ᠂ ᠬᠠᠷᠢᠯᠴᠠᠨ | ᠲᠦᠯᠬᠢᠯᠴᠡᠬᠦ᠂ ᠠᠯᠪᠠ ᠬᠠᠰᠢᠵᠤ ᠠᠮᠠ ᠪᠥᠭᠯᠡᠬᠦ᠂ 《ᠨᠢᠭᠡ ᠯᠡ | ᠠᠳᠠᠯᠢ ᠪᠠᠷ ᠱᠠᠭᠠᠷᠳᠠᠬᠤ》᠂ ᠢᠯᠠᠩᠭᠤᠶ᠎ᠠ ᠣᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠶᠢ ᠥᠯᠥ | ᠬᠠᠶᠢᠬᠤᠷᠬᠤ ᠵᠡᠷᠭᠡ ᠥᠯᠥ ᠦᠢᠯᠡᠳᠬᠦᠢ ᠪᠠ ᠳᠤᠷ᠎ᠠ ᠪᠠᠷ | ᠦᠢᠯᠡᠳᠬᠦᠢ ᠶᠢ ᠰᠡᠷᠭᠡᠶᠢᠯᠡᠨ ᠵᠠᠯᠠᠷᠠᠭᠤᠯᠵᠤ᠂ ᠡᠯ᠎ᠡ | ᠵᠦᠢᠯ ᠤᠨ ᠠᠵᠢᠯ ᠳᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ | ᠬᠦ ᠪᠠᠲᠤᠯᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | |