| | | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 15 ᠤ | ᠴᠠᠬᠢᠯᠭᠠᠨ ᠮᠡᠳᠡᠭᠡ 3 ᠰᠠᠷ᠎ᠠ ᠶᠢᠨ 16 ᠤ ᠡᠳᠦᠷ | ᠬᠡᠪᠯᠡᠭᠳᠡᠭᠰᠡᠨ 6 ᠳ᠋ᠤᠭᠠᠷ ᠬᠤᠭᠤᠴᠠᠭᠠᠨ ᠤ《 ᠦᠨᠡᠨ 》 ᠰᠡᠳᠬᠦᠯ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ 《 ᠲᠥᠪ ᠤᠨ | ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠷᠠᠯ ᠵᠢᠴᠢ | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠬᠤᠷᠠᠯ ᠪᠠᠶᠢᠭᠤᠯᠤᠭᠳᠠᠭᠰᠠᠨ 70 ᠵᠢᠯ ᠤᠨ | ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ 》 | ᠭᠡᠬᠦ ᠴᠢᠬᠤᠯᠠ ᠵᠤᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠢᠨ᠎ᠡ ᠴᠠᠭ ᠦᠶ᠎ᠡ ᠳᠤ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠳᠤ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ 《 ᠳᠥᠷᠪᠡᠨ | ᠤᠬᠠᠮᠰᠠᠷ》 ᠢᠶᠠᠨ ᠴᠢᠩᠭᠠᠳᠬᠠᠵᠤ᠂ 《 ᠳᠥᠷᠪᠡᠨ | ᠢᠲᠡᠭᠡᠯ》 ᠢᠶᠠᠨ ᠪᠠᠲᠤᠳᠬᠠᠵᠤ᠂《 ᠬᠤᠶᠠᠷ ᠢ ᠬᠠᠮᠠᠭᠠᠯᠠᠬᠤ | 》ᠶᠢ ᠪᠡᠶᠡᠯᠡᠭᠦᠯᠵᠤ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢ | ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ | ᠪᠠᠬᠢᠵᠢᠭᠦᠯᠬᠦ ᠭᠤᠣᠯ ᠲᠡᠩᠭᠡᠯᠢᠭ ᠪᠣᠯᠭᠠᠵᠤ᠂《 ᠬᠤᠤᠰ ᠵᠠᠭᠤᠨ | ᠵᠢᠯ》 ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ | ᠦᠶᠯᠡᠴᠢᠯᠡᠬᠦ ᠪᠠᠷ ᠠᠵᠢᠯ ᠤᠨ ᠭᠤᠤᠯ ᠰᠢᠵᠢᠮ ᠪᠣᠯᠭᠠᠵᠤ᠂ ᠦᠵᠡᠯ | ᠰᠠᠨᠠᠭ᠎ᠠ ᠤᠯᠤᠰ ᠲᠥᠷᠥ ᠶᠢᠨ ᠬᠦᠳᠦᠯᠦᠨ ᠵᠢᠯᠤᠭᠤᠳᠤᠯᠭ᠎ᠠ ᠶᠢ | ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠬᠤ ᠶᠢ ᠭᠤᠤᠯ ᠭᠤᠭᠴᠤᠭ᠎ᠠ ᠪᠣᠯᠭᠠᠵᠤ᠂ | ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ | ᠪᠠᠷᠢᠮᠲᠠᠯᠠᠵᠤ᠂ ᠤᠯᠤᠰ ᠲᠥᠷᠥ ᠶᠢᠨ ᠵᠥᠪᠯᠡᠯᠭᠡ ᠬᠢᠬᠦ᠂ | ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ | ᠶᠠᠪᠤᠳᠠᠯ ᠳᠤ ᠣᠷᠣᠯᠴᠠᠵᠤ ᠲᠦᠷᠦ ᠶᠢᠨ ᠶᠠᠪᠤᠳᠠᠯ ᠢ ᠵᠥᠪᠯᠡᠬᠦ | ᠲᠦᠪᠰᠢᠨ ᠢᠶᠠᠨ ᠳᠡᠭᠡᠭᠰᠢᠯᠡᠭᠦᠯᠵᠤ᠂ ᠬᠠᠮᠲᠤ ᠶᠢᠨ | ᠲᠠᠨᠢᠯᠲᠠ ᠶᠢ ᠨᠠᠩ ᠰᠠᠶᠢᠲᠤᠷ ᠨᠢᠭᠲᠠᠷᠠᠭᠤᠯᠵᠤ᠂ ᠨᠠᠮ ᠤᠨ ᠲᠥᠪ | ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ | ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ | ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠡᠭᠦᠷᠭᠡᠯᠡᠨ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ | ᠴᠢᠬᠤᠯᠠᠴᠢᠯᠠᠵᠠᠢ᠃ | ᠵᠣᠬᠢᠶᠠᠯ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ | ᠪᠣᠯ ᠳᠤᠮᠳᠠᠳᠤ ᠤᠯᠤᠰ ᠤᠨ ᠡᠪ ᠬᠠᠮᠲᠤ ᠨᠠᠮ ᠮᠠᠷᠺᠰ ᠯᠧᠨᠢᠨ ᠤ | ᠦᠵᠡᠯ ᠤᠨ ᠨᠢᠭᠡᠳᠦᠮᠡᠯ ᠹᠷᠣᠨᠲ ᠤᠨ ᠤᠨᠤᠯ᠂ ᠲᠦᠷᠦ ᠶᠢᠨ | ᠨᠠᠮ ᠤᠨ ᠤᠨᠤᠯ᠂ ᠠᠷᠠᠳᠴᠢᠯᠠᠭᠰᠠᠨ ᠤᠯᠤᠰ ᠲᠦᠷᠦ ᠶᠢᠨ ᠤᠨᠤᠯ ᠢ | ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠭᠰᠠᠨ ᠠᠭᠤᠤ ᠶᠡᠭᠡ ᠦᠷ᠎ᠡ ᠪᠦᠲᠦᠭᠡᠯ ᠮᠥᠨ᠂ | ᠳᠤᠮᠳᠠᠳᠤ ᠤᠯᠤᠰ ᠤᠨ ᠡᠪ ᠬᠠᠮᠲᠤ ᠨᠠᠮ ᠠᠴᠠ ᠡᠯ᠎ᠡ | ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ᠂ | ᠠᠷᠠᠳ ᠤᠨ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ | ᠡᠲᠡᠭᠡᠳ ᠤᠨ ᠬᠥᠮᠦᠰ ᠢ ᠤᠳᠤᠷᠢᠳᠤᠨ ᠤᠯᠤᠰ ᠲᠦᠷᠦ ᠶᠢᠨ | ᠪᠠᠶᠢᠭᠤᠯᠤᠯ ᠤᠨ ᠲᠠᠯ᠎ᠠ ᠪᠠᠷ ᠬᠢᠭᠰᠡᠨ ᠠᠭᠤᠤ ᠶᠡᠭᠡ | ᠡᠭᠦᠳᠦᠯᠲᠡ ᠮᠥᠨ᠃ 70 ᠵᠢᠯ ᠤᠨ ᠲᠤᠷᠰᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠪᠦᠯᠬᠦᠮᠳᠡᠯ ᠪᠠ ᠠᠷᠠᠳᠴᠢᠯᠠᠯ ᠬᠤᠶᠠᠷ | ᠶᠡᠭᠡ ᠭᠤᠣᠯ ᠰᠡᠳᠦᠪ ᠢ ᠪᠠᠷᠢᠮᠲᠠᠯᠠᠵᠤ᠂ ᠨᠠᠮ ᠪᠣᠯᠤᠨ ᠤᠯᠤᠰ ᠤᠨ | ᠭᠤᠣᠯ ᠡᠭᠦᠷᠭᠡ ᠳᠤ ᠦᠢᠯᠡᠴᠢᠯᠡᠵᠦ᠂ ᠰᠢᠨ᠎ᠡ ᠳᠤᠮᠳᠠᠳᠤ ᠤᠯᠤᠰ ᠢ | ᠪᠠᠶᠢᠭᠤᠯᠬᠤ ᠪᠠ ᠨᠡᠶᠢᠭᠡᠮ ᠵᠢᠷᠤᠮᠲᠤ ᠬᠤᠪᠢᠰᠬᠠᠯ᠂ ᠪᠦᠲᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ | ᠦᠶ᠎ᠡ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠵᠡᠢ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠪᠢᠳᠡ ᠲᠤᠷᠰᠢᠯᠭ᠎ᠠ ᠪᠠᠨ ᠳ᠋ᠦᠩᠨᠡᠵᠦ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠠᠯᠢ | ᠤᠯᠠᠨ ᠰᠢᠨ᠎ᠡ ᠱᠠᠭᠠᠷᠳᠠᠯᠭ᠎ᠠ ᠳᠤᠷᠠᠳᠪᠠ᠃ ᠨᠢᠭᠡ ᠳᠤ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ | ᠨᠠᠮ ᠤᠨ ᠤᠳᠤᠷᠢᠳᠤᠯᠭ᠎ᠠ ᠶᠢ ᠴᠢᠩᠭᠠᠳᠬᠠᠪᠠ᠃ ᠬᠤᠶᠠᠷ ᠲᠤ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ | ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ | ᠡᠵᠡᠮᠰᠢᠪᠡ᠃ ᠭᠤᠷᠪᠠ ᠳᠤ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ | ᠦᠢᠯᠡᠳᠦᠯ ᠢ ᠰᠠᠶᠢᠲᠤᠷ ᠪᠠᠳᠠᠷᠠᠭᠤᠯᠪᠠ᠃ ᠲᠦᠷᠪᠡ ᠳᠤ᠂ ᠮᠠᠨ ᠤ | ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ | ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠪᠡ᠃ ᠲᠠᠪᠤ ᠳᠤ᠂ | ᠬᠥᠮᠦᠰ ᠤᠨ ᠰᠡᠳᠭᠢᠯ ᠪᠣᠯᠤᠨ ᠬᠦᠴᠦᠨ ᠴᠢᠳᠠᠯ ᠢ ᠥᠷᠭᠡᠨ ᠢᠶᠠᠷ | ᠨᠢᠭᠲᠠᠷᠠᠭᠤᠯᠪᠠ᠃ ᠵᠢᠷᠭᠤᠭ᠎ᠠ ᠳᠤ᠂ ᠨᠠᠮ ᠪᠣᠯᠤᠨ ᠤᠯᠤᠰ ᠤᠨ | ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠪᠡ᠃ | ᠲᠤᠯᠤᠭ᠎ᠠ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ | ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠪᠠ᠃ | ᠨᠠᠢᠮᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ | ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠬᠦ ᠴᠢᠳᠠᠪᠤᠷᠢ ᠶᠢᠨ ᠪᠠᠶᠢᠭᠤᠯᠤᠯᠲᠠ ᠶᠢ | ᠠᠬᠢᠭᠤᠯᠪᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠪᠠᠶᠢᠭᠤᠯᠤᠯ ᠨᠢ ᠤᠯᠠᠨ ᠲᠠᠯ᠎ᠠ ᠶᠢᠨ ᠥᠪᠡᠷᠮᠢᠴᠡ | ᠳᠠᠪᠠᠭᠤᠯᠢᠭ ᠲᠠᠢ ᠭᠡᠳᠡᠭ ᠢ ᠦᠢᠯᠡᠳᠦᠯᠭᠡ ᠭᠡᠷᠡᠴᠢᠯᠡᠵᠡᠢ | ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠪᠠᠶᠢᠳᠠᠯ ᠳᠣᠣᠷ᠎ᠠ᠂ ᠪᠢᠳᠡ | ᠡᠷᠬᠡᠪᠰᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠦᠢᠯᠡᠰ ᠢ ᠰᠠᠶᠢᠲᠤᠷ | ᠬᠥᠭᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠢ | ᠥᠷᠨᠢᠭᠦᠯᠬᠦ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠨᠡᠩ ᠤᠯᠠᠨ ᠬᠥᠮᠦᠨ ᠢ ᠨᠠᠮ ᠤᠨ ᠲᠣᠭᠤᠷᠢᠨ ᠳᠤ | ᠪᠦᠯᠬᠦᠮᠳᠡᠭᠦᠯᠬᠦ ᠬᠡᠷᠡᠭᠲᠡᠢ᠃ ᠣᠳᠣᠬᠠᠨ ᠳᠤ ᠪᠠ | ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠣᠨᠴᠠᠭᠠᠶᠢᠯᠠᠨ ᠳᠣᠣᠷᠠᠬᠢ | ᠠᠵᠢᠯ ᠤᠳ ᠢ ᠰᠠᠶᠢᠲᠤᠷ ᠠᠳᠬᠤᠬᠤ ᠬᠡᠷᠡᠭᠲᠡᠢ᠃ | ᠨᠢᠭᠡᠳᠦᠭᠡᠷ ᠲᠤ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ | ᠦᠢᠯᠡᠳᠦᠯ ᠢ ᠪᠠᠳᠠᠷᠠᠭᠤᠯᠤᠨ᠎ᠠ᠃ ᠳᠤᠮᠳᠠᠳᠤ ᠤᠯᠤᠰ ᠤᠨ | ᠨᠡᠶᠢᠭᠡᠮ ᠵᠢᠷᠤᠮ ᠤᠨ ᠪᠠᠶᠢᠭᠤᠯᠤᠯ ᠳᠣᠣᠷ᠎ᠠ᠂ ᠤᠴᠢᠷ | ᠶᠠᠪᠤᠳᠠᠯ ᠢ ᠰᠠᠶᠢᠲᠤᠷ ᠵᠥᠪᠳᠡᠯᠴᠡᠵᠦ᠂ ᠤᠯᠠᠨ ᠤ ᠶᠠᠪᠤᠳᠠᠯ ᠢ | ᠤᠯᠠᠨ ᠢᠶᠠᠷ ᠢᠶᠠᠨ ᠵᠥᠪᠳᠡᠯᠴᠡᠵᠦ᠂ ᠪᠦᠬᠦ ᠨᠡᠶᠢᠭᠡᠮ ᠤᠨ | ᠬᠦᠰᠡᠯ ᠡᠷᠡᠮᠡᠯᠵᠡᠯ ᠪᠠ ᠱᠠᠭᠠᠷᠳᠠᠯᠭ᠎ᠠ ᠶᠢᠨ ᠬᠠᠮᠤᠭ ᠤᠨ | ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠤᠯᠬᠤ ᠪᠣᠯ | ᠠᠷᠠᠳ ᠤᠨ ᠠᠷᠠᠳᠴᠢᠯᠠᠯ ᠤᠨ ᠦᠨᠡᠨ ᠶᠣᠰᠣ ᠮᠥᠨ᠃ ᠨᠡᠶᠢᠭᠡᠮ | ᠵᠢᠷᠤᠮ ᠤᠨ ᠵᠥᠪᠯᠡᠬᠦ ᠠᠷᠠᠳᠴᠢᠯᠠᠯ ᠢ ᠬᠥᠭᠵᠢᠭᠦᠯᠬᠦ ᠳᠤ | ᠠᠷᠠᠳᠴᠢᠯᠠᠯ ᠲᠥᠪᠯᠡᠷᠡᠯ ᠤᠨ ᠶᠣᠰᠣᠨ ᠤ ᠳᠠᠪᠠᠭᠤᠯᠢᠭ ᠢ | ᠰᠠᠶᠢᠲᠤᠷ ᠬᠡᠷᠡᠭᠯᠡᠵᠦ᠂ 《 ᠪᠦᠯᠬᠦᠮᠳᠡᠬᠦ — ᠰᠢᠭᠦᠮᠵᠢᠯᠡᠬᠦ — | ᠪᠦᠯᠬᠦᠮᠳᠡᠬᠦ》 ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ | ᠶᠠᠷᠢᠶ᠎ᠠ ᠬᠡᠯᠡᠯᠴᠡᠭᠡᠨ ᠤ ᠵᠠᠮ ᠢ ᠥᠷᠭᠡᠨ ᠢᠶᠠᠷ | ᠨᠡᠭᠡᠭᠡᠵᠦ᠂ ᠲᠦᠮᠡᠨ ᠤ ᠰᠠᠨᠠᠯ ᠢ ᠠᠪᠴᠤ ᠤᠯᠠᠨ ᠤ ᠤᠬᠠᠭᠠᠨ ᠢ | ᠲᠥᠪᠯᠡᠷᠡᠭᠦᠯᠦᠨ᠂ ᠠᠳᠠᠯᠢ ᠪᠤᠰᠤ ᠦᠵᠡᠯ ᠰᠠᠨᠠᠭ᠎ᠠ | ᠦᠵᠡᠯᠲᠡ ᠶᠢᠨ ᠭᠦᠢᠴᠡᠳ ᠢᠯᠡᠳᠭᠡᠯᠲᠡ ᠪᠠ ᠭᠦᠨᠵᠡᠭᠡᠢ | ᠰᠣᠯᠢᠯᠴᠠᠭ᠎ᠠ ᠶᠢ ᠠᠬᠢᠭᠤᠯᠵᠤ᠂ ᠬᠠᠷᠢᠯᠴᠠᠨ ᠬᠦᠨᠳᠦᠳᠭᠡᠬᠦ᠂ | ᠡᠷᠬᠡ ᠲᠡᠭᠰᠢ ᠪᠠᠷ ᠵᠥᠪᠳᠡᠯᠴᠡᠬᠦ ᠠᠴᠠ ᠪᠢᠰᠢ ᠪᠤᠰᠤᠳ ᠲᠤ | ᠠᠯᠪᠠ ᠪᠠᠷ ᠲᠤᠯᠭᠠᠬᠤ ᠦᠭᠡᠢ ᠪᠠᠶᠢᠬᠤ ᠶᠢ ᠪᠡᠶᠡᠯᠡᠭᠦᠯᠵᠦ᠂ | ᠲᠦᠷᠢᠮ ᠢ ᠵᠢᠷᠤᠮᠯᠠᠨ᠂ ᠡᠮᠬᠢ ᠵᠢᠷᠤᠮ ᠲᠠᠢ | ᠵᠥᠪᠳᠡᠯᠴᠡᠬᠦ ᠠᠴᠠ ᠪᠢᠰᠢ ᠥᠪᠡᠷ ᠤᠨ ᠢᠶᠠᠨ ᠯᠡ ᠬᠡᠯᠡᠬᠦ ᠦᠭᠡᠢ | ᠪᠠᠶᠢᠵᠤ᠂ ᠠᠭᠤᠴᠢᠯᠠᠨ ᠪᠠᠭᠲᠠᠭᠠᠬᠤ᠂ ᠦᠨᠡᠨᠴᠢ ᠪᠠᠷ | ᠵᠥᠪᠳᠡᠯᠴᠡᠬᠦ ᠠᠴᠠ ᠪᠢᠰᠢ ᠬᠡᠯᠪᠡᠶᠢᠭᠦᠦ ᠪᠠᠷ ᠵᠥᠷᠢᠭᠦᠳᠯᠡᠬᠦ | ᠦᠭᠡᠢ ᠪᠠᠶᠢᠵᠤ᠂ ᠪᠤᠳᠤᠭᠰᠠᠨ ᠰᠠᠨᠠᠭᠰᠠᠨ ᠢᠶᠠᠨ | ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠰᠠᠨᠠᠯ ᠢᠶᠠᠨ | ᠢᠯᠡᠳᠭᠡᠬᠦ ᠳᠡᠭᠡᠨ ᠤᠶᠤᠨᠯᠢᠭ ᠬᠡᠮᠵᠢᠶ᠎ᠡ ᠳᠤᠮᠵᠢᠶᠡ ᠲᠠᠢ | ᠪᠠᠶᠢᠵᠤ᠂ ᠬᠠᠤᠯᠢ ᠲᠦᠷᠢᠮ ᠳᠤ ᠨᠡᠶᠢᠴᠡᠭᠰᠡᠨ ᠰᠠᠶᠢᠨ ᠰᠠᠶᠢᠬᠠᠨ | ᠵᠥᠪᠯᠡᠬᠦ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠬᠤᠶᠠᠳᠤᠭᠠᠷ ᠲᠤ᠂ ᠦᠵᠡᠯ ᠰᠠᠨᠠᠭ᠎ᠠ ᠤᠯᠤᠰ ᠲᠦᠷᠦ ᠶᠢᠨ | ᠵᠢᠯᠣᠭᠤᠳᠤᠮᠵᠢ ᠶᠢ ᠴᠢᠩᠭᠠᠳᠬᠠᠵᠤ᠂ ᠬᠠᠮᠲᠤ ᠶᠢᠨ | ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ | ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠦᠲᠦᠮᠵᠢᠲᠡᠢ | ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠡᠯ᠎ᠡ ᠵᠦᠢᠯ ᠤᠨ | ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ | ᠴᠢᠬᠤᠯᠠ ᠵᠢᠭᠰᠠᠭᠠᠯ ᠤᠨ ᠭᠠᠵᠠᠷ᠂ ᠨᠠᠮ ᠤᠨ ᠰᠢᠨ᠎ᠡ ᠶᠢ | ᠡᠭᠦᠳᠬᠦ ᠤᠨᠤᠯ ᠢᠶᠠᠷ ᠡᠯ᠎ᠡ ᠦᠨᠳᠦᠰᠦᠲᠡᠨ ᠡᠯ᠎ᠡ ᠡᠲᠡᠭᠡᠳ ᠤᠨ | ᠲᠥᠯᠥᠭᠡᠯᠡᠭᠴᠢ ᠬᠥᠮᠦᠰ ᠢ ᠪᠦᠯᠬᠦᠮᠳᠡᠭᠦᠯᠦᠨ ᠬᠥᠮᠦᠵᠢᠭᠦᠯᠬᠦ | ᠴᠢᠬᠤᠯᠠ ᠲᠠᠪᠴᠠᠩ᠂ ᠬᠠᠮᠲᠤ ᠶᠢᠨ ᠦᠵᠡᠯ ᠰᠠᠨᠠᠭ᠎ᠠ ᠤᠯᠤᠰ | ᠲᠦᠷᠦ ᠶᠢᠨ ᠰᠠᠭᠤᠷᠢᠨ ᠳᠡᠭᠡᠷ᠎ᠡ ᠵᠥᠷᠢᠴᠡᠯ ᠢ | ᠰᠢᠢᠳᠪᠦᠷᠢᠯᠡᠬᠦ ᠪᠠ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠴᠢᠬᠤᠯᠠ ᠠᠷᠭ᠎ᠠ ᠵᠠᠮ ᠪᠣᠯᠬᠤ ᠪᠠᠷ | ᠴᠢᠷᠮᠠᠶᠢᠬᠤ ᠬᠡᠷᠡᠭᠲᠡᠢ᠃ ᠨᠢᠭᠡᠳᠦᠯᠲᠦ ᠴᠢᠨᠠᠷ ᠪᠠ ᠤᠯᠠᠨ | ᠶᠠᠩᠵᠤᠲᠤ ᠴᠢᠨᠠᠷ ᠤᠨ ᠬᠠᠷᠢᠴᠠᠭ᠎ᠠ ᠶᠢ ᠵᠥᠪ ᠢᠶᠠᠷ | ᠰᠢᠢᠳᠪᠦᠷᠢᠯᠡᠬᠦ ᠬᠡᠷᠡᠭᠲᠡᠢ᠃ ᠭᠤᠷᠪᠠᠳᠤᠭᠠᠷ ᠲᠤ᠂ | ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ | ᠬᠡᠷᠡᠭᠳᠡᠢ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠤᠯᠤᠰ ᠣᠷᠣᠨ ᠤ ᠪᠠᠨ ᠲᠥᠯᠥᠭᠡ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ᠂ ᠠᠷᠠᠳ ᠲᠦᠮᠡᠨ ᠤ | ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ | ᠰᠡᠳᠭᠢᠯᠭᠡ ᠶᠢ ᠪᠠᠷᠢᠮᠲᠠᠯᠠᠨ᠂ ᠠᠵᠢᠯ ᠦᠢᠯᠡᠰ ᠢᠶᠠᠨ | ᠰᠡᠳᠭᠢᠯ ᠳᠡᠭᠡᠨ ᠪᠤᠳᠤᠵᠤ᠂ ᠬᠠᠷᠢᠭᠤᠴᠠᠯᠭ᠎ᠠ ᠡᠭᠦᠷᠭᠡᠯᠡᠨ᠂ | ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠭᠡᠵᠦ᠂ ᠤᠯᠤᠰ ᠲᠦᠷᠦ ᠶᠢᠨ ᠵᠣᠭᠰᠣᠯᠲᠠ ᠪᠠᠯᠠᠷᠬᠠᠢ | ᠪᠠᠶᠢᠵᠦ ᠪᠤᠯᠬᠤ ᠦᠬᠡᠢ᠂ ᠤᠯᠤᠰ ᠲᠦᠷᠦ ᠶᠢᠨ ᠵᠠᠷᠴᠢᠮ | ᠭᠤᠶᠢᠪᠢᠮᠠᠳᠠᠭᠠᠢ ᠪᠠᠶᠢᠵᠤ ᠪᠣᠯᠬᠤ ᠦᠭᠡᠢ ᠭᠡᠵᠦ ᠵᠢᠭᠠᠵᠤ | ᠭᠠᠷᠭᠠᠪᠠ᠃ | | |