ᠤᠷᠠᠳ ᠤᠨ ᠬᠤᠶᠢᠳᠤ ᠬᠤᠰᠢᠭᠤ  ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠬᠦᠴᠤᠨ ᠨᠡᠮᠡᠷᠢᠯᠠᠨ᠎ᠠ
ᠨᠡᠶᠢᠲᠡᠯᠡᠭᠰᠡᠨ ᠴᠠᠭ᠄
2022/3/23
                    ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠬᠤᠰᠢᠭᠤᠨ ᠤ ᠳᠡᠳ᠋ ᠶᠡᠷᠦᠩᠬᠡᠶ ᠭᠤᠤᠯ ᠤᠨ ᠳᠠᠷᠤᠭ᠎ᠠ ᠡᠷᠬᠢᠨ ᠪᠦᠯᠬᠦᠮ ᠳᠠᠭᠠᠭᠤᠯᠤᠨ ᠪᠠᠶᠠᠨᠪᠤᠯᠠᠭ ᠪᠠᠯᠭᠠᠰᠤ᠂ ᠤᠦ ᠶᠢᠨ ᠭᠤᠤᠯ ᠰᠤᠮᠤᠨ ᠳᠤ ᠭᠦᠨᠵᠡᠭᠡᠶᠢᠷᠡᠨ᠂ ᠭᠤᠤᠯ ᠮᠦᠷᠡᠨ ᠢ ᠲᠣᠭᠤᠷᠢᠨ ᠪᠠᠶᠢᠴᠠᠭᠠᠬᠤ ᠶᠢᠨ ᠬᠠᠮᠲᠤ᠂ ᠨᠡᠷᠡᠨ ᠭᠤᠤ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ  ᠵᠦᠢᠯ ᠢ ᠪᠠᠶᠢᠴᠠᠭᠠᠨ ᠰᠤᠳᠤᠯᠵᠤ᠂ ᠬᠠᠮᠢᠶ᠎ᠠ ᠪᠥᠬᠦᠶ ᠠᠵᠢᠯ  ᠳᠤ ᠲᠤᠬᠢᠷᠠᠭᠤᠯᠤᠯᠳᠠ ᠬᠢᠪᠠ᠃            ᠪᠠᠶᠠᠨᠪᠤᠯᠠᠭ ᠪᠠᠯᠭᠠᠰᠤ ᠶᠢᠨ ᠱᠠᠩᠳᠠ ᠶᠢᠨ ᠭᠤᠤ᠂  ᠤᠦ ᠶᠢᠨ ᠭᠤᠤᠯ ᠰᠤᠮᠤᠨ ᠤ ᠰᠢᠳᠤ ᠭᠤᠤ᠂ ᠪᠠᠷᠠᠭᠤᠨ ᠤᠦ ᠶᠢᠨ ᠭᠤᠤ ᠵᠡᠷᠭᠡ ᠭᠠᠵᠠᠷ ᠲᠤ᠂ ᠡᠷᠬᠢᠨ ᠡᠯ᠎ᠡ ᠱᠠᠲᠤᠨ ᠤ ᠭᠤᠣᠯ ᠤᠨ ᠳᠠᠷᠤᠭ᠎ᠠ ᠶᠢᠨ ᠳᠦᠷᠢᠮ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠪᠠ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠨᠠᠷᠢᠨ ᠣᠶᠢᠯᠠᠭᠠᠪᠠ ᠃ ᠲᠡᠷᠡ ᠵᠢᠭᠠᠵᠤ ᠭᠠᠷᠭᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠠᠲᠤᠨ ᠭᠤᠤᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠪᠣᠳᠠᠲᠤ ᠠᠴᠢ ᠬᠤᠯᠪᠣᠭᠳᠠᠯ ᠢ ᠬᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠩ ᠥᠨᠳᠥᠷ ᠪᠠᠷᠢᠮᠵᠢᠶ᠎ᠠ᠂ ᠪᠣᠳᠠᠲᠠᠶ ᠠᠷᠭ᠎ᠠ ᠬᠡᠮᠵᠢᠶ᠎ᠡ ᠪᠠᠷ  ᠨᠠᠩ ᠶᠡᠭᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠶ ᠬᠡᠪᠠ᠃ ᠡᠯ᠎ᠡ ᠱᠠᠲᠤᠨ ᠤ ᠭᠤᠤᠯ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠤᠨ ᠢᠳᠡᠪᠬᠢᠵᠢᠯ ᠢ ᠬᠦᠢᠴᠡᠳ ᠳᠠᠶᠢᠴᠢᠯᠠᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠭᠤᠤᠯ ᠢ ᠲᠣᠭᠤᠷᠢᠨ ᠪᠠᠶᠢᠴᠠᠭᠠᠵᠤ᠂ ᠭᠤᠤᠯ ᠤᠨ ᠵᠠᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠵᠠᠰᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂  ᠤᠷᠠᠳ ᠤᠨ ᠬᠤᠶᠢᠳᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ᠃ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ ᠤᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠲᠦᠷᠬᠡᠨ ᠠᠬᠢᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠪᠠ ᠳᠠᠭᠠᠭᠠᠴᠠ ᠶᠢ ᠳᠡᠭᠡᠭᠰᠢᠯᠡᠭᠦᠯᠬᠦ ᠬᠡᠷᠡᠭᠲᠡᠶ ᠬᠡᠪᠠ᠃          ᠪᠠᠶᠠᠨᠪᠤᠯᠠᠭ ᠪᠠᠯᠭᠠᠰᠤ ᠶᠢᠨ ᠨᠠᠷᠠᠨ ᠭᠤᠤ ᠳᠤ᠂  ᠡᠷᠬᠢᠨ ᠨᠡᠷ ᠤᠰᠤ ᠲᠠᠲᠠᠵᠤ ᠡᠨᠧᠷᠭᠢ ᠬᠠᠳᠠᠭᠠᠯᠠᠬᠤ ᠲᠦᠷᠦᠯ ᠵᠦᠢᠯ ᠤᠨ ᠭᠠᠵᠠᠷ ᠢ ᠰᠣᠩᠭᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂   ᠵᠤᠬᠢᠰᠳᠠᠢ ᠠᠷᠭ᠎ᠠ  ᠬᠡᠮᠵᠢᠶ᠎ᠠ ᠠᠪᠴᠤ ᠪᠠᠶᠢᠭᠠᠳ ᠤᠰᠤ ᠲᠠᠲᠠᠵᠤ ᠡᠨᠧᠷᠭᠢ ᠬᠠᠳᠠᠭᠠᠯᠠᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠢ ᠮᠠᠨ ᠤ ᠬᠤᠰᠢᠭᠤᠨ ᠤ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠬᠦ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠠᠬᠢᠭᠤᠯᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠭᠠᠷᠳᠠᠴᠠ ᠪᠣᠯᠭᠠᠵᠤ᠂ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠬᠡᠵᠤ ᠴᠢᠬᠤᠯᠠᠴᠢᠯᠠᠪᠠ᠃                                                               
ᠢᠷᠡᠯᠲᠡ᠄ ᠲᠤᠰ ᠰᠦᠯᠵᠢᠶ᠎ᠠ