ᠤᠷᠠᠳ ᠤᠨ ᠬᠤᠶᠢᠳᠤ ᠬᠤᠰᠢᠭᠤᠨ ᠤ ᠥᠨᠳᠥᠷ  ᠨᠠᠰᠤᠳᠠᠳ ᠤᠨ ᠨᠥᠬᠦᠪᠥᠷᠢ  ᠶᠢᠨ ᠲᠤᠬᠠᠢ
ᠨᠡᠶᠢᠲᠡᠯᠡᠭᠰᠡᠨ ᠴᠠᠭ᠄
2022/3/24
      ᠡᠳᠡᠭᠡᠷ ᠬᠥᠮᠦᠰ ᠥᠨᠳᠥᠷ ᠨᠠᠰᠤᠨ ᠤ ᠨᠥᠬᠦᠪᠥᠷᠢ ᠶᠢ ᠬᠦᠷᠲᠡᠵᠦ ᠪᠣᠯᠤᠨ᠎ᠠ᠂ ᠬᠤᠷᠳᠤᠨ ᠢᠷᠡᠵᠦ ᠠᠪᠬᠤ ᠪᠠᠷ ᠭᠤᠶᠤᠴᠢᠯᠠ        ᠶᠠᠮᠠᠷ ᠶᠠᠮᠠᠷ ᠬᠥᠮᠦᠰ ᠥᠨᠳᠥᠷ ᠨᠠᠰᠤᠨ ᠤ ᠨᠥᠬᠦᠪᠥᠷᠢ ᠶᠢ ᠬᠦᠷᠳᠡᠵᠦ ᠪᠣᠯᠬᠤ ᠪᠤᠢ︖       ᠤᠷᠠᠳ ᠤᠨ ᠬᠤᠶᠢᠲᠤ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ᠂ ᠪᠦᠬᠦᠯᠢ 80 ᠨᠠᠰᠤ ︵ᠪᠦᠬᠦᠯᠢ 80 ᠨᠠᠰᠤ ᠪᠠᠭᠲᠠᠨ᠎ᠠ︶ ᠠᠴᠠ ᠳᠡᠭᠡᠭᠰᠢᠬᠢ ᠨᠠᠰᠤᠲᠠᠶᠢᠴᠤᠳ᠃           ᠥᠨᠳᠥᠷ ᠨᠠᠰᠤᠨ ᠤ ᠨᠥᠬᠦᠪᠥᠷᠢ ᠶᠢᠨ ᠪᠠᠷᠢᠮᠵᠢᠶ᠎ᠠ ᠨᠢ ᠬᠡᠳᠦᠶ ᠪᠣᠶ︖       ᠪᠦᠬᠦᠯᠢ 80 ᠨᠠᠰᠤ ︵ᠪᠦᠬᠦᠯᠢ 80 ᠨᠠᠰᠤ ᠪᠠᠭᠲᠠᠨ᠎ᠠ︶ ᠠᠴᠠ ᠪᠦᠬᠦᠯᠢ 99 ᠨᠠᠰᠤ ᠬᠦᠷᠲᠡᠯᠡᠬᠢ ᠨᠠᠰᠤᠲᠠᠶᠢᠴᠤᠳ ᠲᠤ ᠬᠥᠮᠦᠨ ᠪᠦᠷᠢ ᠰᠠᠷ᠎ᠠ ᠳᠤ 100 ᠲᠥᠭᠦᠷᠢᠭ ᠣᠯᠭᠤᠨ᠎ᠠ︔ ᠪᠦᠬᠦᠯᠢ 100 ᠨᠠᠰᠤ ︵ᠪᠦᠬᠦᠯᠢ 100 ᠨᠠᠰᠤ ᠪᠠᠭᠲᠠᠨ᠎ᠠ︶ ᠠᠴᠠ ᠳᠡᠭᠡᠭᠰᠢᠬᠢ ᠨᠠᠰᠤᠲᠠᠶᠢᠴᠤᠳ ᠲᠤ ᠬᠥᠮᠦᠨ ᠪᠦᠷᠢ ᠰᠠᠷ᠎ᠠ ᠳᠤ 600 ᠲᠥᠭᠦᠷᠢᠭ ᠣᠯᠭᠤᠨ᠎ᠠ᠃           ᠥᠨᠳᠥᠷ ᠨᠠᠰᠤᠨ ᠤ ᠨᠥᠬᠦᠪᠥᠷᠢ ᠶᠢ ᠬᠠᠮᠢᠭ᠎ᠠ ᠭᠤᠶᠤᠴᠢᠯᠠᠬᠤ ᠪᠤᠶ︖       ᠤᠷᠠᠳ ᠤᠨ ᠬᠤᠶᠢᠲᠤ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ᠂ ᠪᠦᠬᠦᠯᠢ 80 ᠨᠠᠰᠤ ︵ᠪᠦᠬᠦᠯᠢ 80 ᠨᠠᠰᠤ ᠪᠠᠭᠲᠠᠨ᠎ᠠ︶ ᠠᠴᠠ ᠳᠡᠭᠡᠭᠰᠢᠬᠢ ᠨᠠᠰᠤᠲᠠᠶᠢᠴᠤᠳ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠬᠡᠷ ᠲᠤ ᠣᠴᠢᠵᠤ ᠭᠤᠶᠤᠴᠢᠯᠠᠨ ᠬᠦᠢᠴᠡᠳᠬᠡᠨ᠎ᠠ᠃           ᠥᠨᠳᠥᠷ ᠨᠠᠰᠤᠨ ᠤ ᠨᠥᠬᠦᠪᠥᠷᠢ ᠶᠢ ᠭᠤᠶᠤᠴᠢᠯᠠᠭᠰᠠᠨ ᠤ ᠳᠠᠷᠠᠭ᠎ᠠ ᠬᠡᠵᠢᠶ᠎ᠡ ᠠᠪᠴᠤ ᠪᠣᠯᠬᠤ ᠪᠤᠢ︖       ᠨᠠᠰᠤᠲᠠᠨ ᠭᠤᠶᠤᠴᠢᠯᠠᠯ ᠤᠨ ᠬᠦᠰᠦᠨᠦᠭᠲᠦ ᠲᠤᠰᠢᠶᠠᠵᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠣᠰ ᠨᠠᠰᠤᠲᠠᠨ ᠪᠦᠬᠦᠯᠢ 80 ᠨᠠᠰᠤᠨ ᠤ ᠨᠥᠬᠦᠴᠡᠯ ᠳᠤ  ᠨᠠᠶᠢᠴᠠᠬᠦ ︵ᠪᠡᠶ᠎ᠡ ᠶᠢᠨ ᠦᠨᠡᠮᠯᠡᠯ ᠤᠨ ᠲᠥᠷᠥᠭᠰᠡᠨ ᠣᠨ ᠰᠠᠷ᠎ᠠ ᠡᠳᠦᠷ ᠢᠶᠠᠷ ᠪᠠᠷᠢᠮᠵᠢᠶ᠎ᠠ ᠪᠣᠯᠭᠠᠨ᠎ᠠ︶ ᠶᠢ ᠲᠣᠭᠲᠠᠭᠠᠭᠰᠠᠨ ᠤ ᠳᠠᠷᠠᠭ᠎ᠠ᠂ ᠲᠡᠭᠦᠨ ᠳᠤ ᠠᠩᠬᠠᠨ ᠤ ᠰᠠᠷ᠎ᠠ ᠶᠢᠨ ᠥᠨᠳᠥᠷ ᠨᠠᠰᠤᠨ ᠤ ᠨᠥᠬᠦᠪᠥᠷᠢ ᠶᠢ ᠪᠤᠳᠤᠵᠤ ᠣᠯᠭᠤᠨ᠎ᠠ᠃           ᠨᠢᠭᠡᠨᠲᠡ ᠨᠥᠬᠦᠪᠥᠷᠢ ᠮᠥᠩᠭᠦ ᠠᠪᠴᠤ ᠥᠩᠭᠡᠷᠡᠭᠰᠡᠨ ᠥᠨᠳᠥᠷ ᠨᠠᠰᠤᠲᠠᠶ ᠨᠠᠰᠤᠲᠠᠨ ᠶᠠᠭᠤ ᠬᠢᠬᠦ ᠴᠢᠬᠤᠯᠠᠲᠠᠶ ᠪᠣᠶ︖       ᠪᠠᠶᠢᠭ᠎ᠠ ᠨᠡᠶᠢᠭᠡᠮ ᠲᠣᠭᠤᠷᠢᠭ / ᠲᠣᠰᠬᠤᠨ ᠲᠠᠢ ᠪᠠᠨ ᠬᠠᠷᠢᠯᠴᠠᠵᠤ ᠪᠠᠶᠢᠭ᠎ᠠ ᠭᠠᠵᠠᠷ ᠣᠷᠣᠨ ᠤ ᠪᠠᠨ ᠬᠤᠶᠠᠷ ᠬᠡᠮᠵᠢᠯᠳᠦ ᠲᠡᠮᠳᠡᠭ ᠢ ᠣᠯᠵᠤ ᠮᠡᠳᠡᠭᠡ ᠵᠠᠩᠭᠢ ᠴᠤᠭᠯᠠᠭᠤᠯᠵᠤ᠂ ᠳᠠᠷᠠᠭ᠎ᠠ ᠨᠢ ᠰᠠᠷ᠎ᠠ ᠪᠦᠷᠢ ᠸᠢᠴᠠᠲ ᠤᠨ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ ᠨᠡᠶᠢᠲᠡ ᠶᠢᠨ ᠳ᠋ᠤᠭᠠᠷ ᠲᠤ ᠣᠷᠣᠵᠤ ᠪᠡᠶ᠎ᠡ ᠶᠢᠨ ᠭᠠᠷᠤᠯ ᠤᠨ ᠣᠷᠣᠰᠢᠨ ᠲᠣᠭᠲᠠᠨᠢᠬᠤ ᠶᠢᠨ ᠭᠡᠷᠡᠴᠢᠯᠡᠯ ᠬᠢᠨ᠎ᠠ᠃               ᠬᠡᠷᠪᠡ ᠭᠤᠶᠤᠴᠢᠯᠠᠬᠤ ᠶᠠᠪᠤᠴᠠ ᠳᠤ ᠠᠰᠠᠭᠤᠳᠠᠯ ᠲᠤᠯᠭᠠᠷᠠᠪᠠᠯ ᠳᠣᠣᠷᠠᠬᠢ ᠨᠤᠮᠧᠷ ᠳᠤ ᠤᠲᠠᠰᠤᠳᠠᠭᠠᠷᠠᠢ᠄           ᠪᠠᠶᠠᠨᠪᠤᠯᠠᠭ ᠪᠠᠯᠭᠠᠰᠤ᠄ 15598861577           ᠬᠦᠬᠡᠨ᠋ᠦ᠋ᠨᠳᠤᠷ ᠪᠠᠯᠭᠠᠰᠤ᠄ 0478 — 4664075           ᠴᠤᠬᠠᠦ᠋ᠠᠳᠦᠷ ᠪᠠᠯᠭᠠᠰᠤ᠄ 15049838576           ᠤᠦ ᠶᠢᠨ ᠭᠤᠤᠯ ᠰᠤᠮᠤ᠄ 15334997555           ᠪᠠᠶᠠᠨᠴᠢᠠᠳᠠᠮᠤᠨᠢ ᠰᠤᠮᠤ᠄ 13947873980           ᠬᠦᠬᠡᠴᠤ ᠰᠤᠮᠤ᠄ 13847847000
ᠢᠷᠡᠯᠲᠡ᠄ ᠲᠤᠰ ᠰᠦᠯᠵᠢᠶ᠎ᠠ