ᠤᠷᠠᠳ ᠤᠨ ᠬᠤᠶᠢᠳᠤ ᠬᠤᠰᠢᠭᠤ ᠠᠮᠢ ᠠᠬᠤᠢ ᠶᠢᠨ ᠤᠷᠴᠢᠨ ᠲᠤᠭᠤᠷᠢᠨ ᠤ ᠠᠮᠤᠷ ᠲᠦᠪᠰᠢᠨ ᠤ ᠬᠠᠮᠠᠭᠠᠯᠠᠯᠳᠠ ᠶᠢ ᠴᠢᠩᠭ᠎ᠠ  ᠠᠳᠬᠤᠨ᠎ᠠ
ᠨᠡᠶᠢᠲᠡᠯᠡᠭᠰᠡᠨ ᠴᠠᠭ᠄
2022/3/24
       ᠠᠵᠤ ᠦᠢᠯᠡᠳᠪᠦᠷᠢ ᠶᠢᠨ ᠲᠣᠭᠤᠷᠢᠭ ᠤᠨ ᠬᠤᠶᠠᠳᠤᠭᠠᠷ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠳᠪᠦᠷᠢ ᠶᠢᠨ ᠲᠣᠭᠤᠷᠢᠭ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠮᠠᠨ ᠤ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠦᠯᠤᠭᠡ᠂ ᠤᠶᠢᠷ᠎ᠠ ᠶᠢᠨ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ ᠪᠦᠯᠬᠦᠮ ᠳᠠᠭᠠᠭᠤᠯᠤᠨ ᠪᠠᠶᠠᠨᠪᠤᠯᠠᠭ ᠪᠠᠯᠭᠠᠰᠤ᠂  ᠬᠦᠭᠡᠨ᠋ᠦ᠋ᠠᠲᠤᠷ ᠪᠠᠯᠭᠠᠰᠤ ᠳᠤ ᠭᠦᠨᠵᠡᠭᠡᠶᠢᠷᠡᠨ ᠠᠵᠤ ᠦᠢᠯᠡᠳᠪᠦᠷᠢ ᠶᠢᠨ ᠲᠣᠭᠤᠷᠢᠭ ᠤᠨ ᠬᠤᠶᠠᠳᠤᠭᠠᠷ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠤᠷ ᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃        ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋  ᠬᠤᠰᠢᠭᠤᠨ‌‍ᠲ᠋ᠠᠷᠤᠭ᠎ᠠ ᠨᠠᠷᠠᠰᠤ᠂ ᠵᠠᠰᠠᠭ ᠤᠨ ᠣᠷᠳᠣᠨ ᠤ ᠳᠡᠳ᠋  ᠬᠤᠰᠢᠭᠤᠨ ᠳᠠᠷᠤᠭ᠎ᠠ ᠯᠢ ᠴᠢᠩ ᠯᠠᠢ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ  ᠣᠷᠤᠯᠴᠠᠪᠠ᠃         ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠡᠷᠬᠢᠨ ᠨᠠᠷ ᠲᠦᠷᠦᠯ ᠵᠦᠢᠯ ᠤᠨ ᠢᠨᠵᠧᠨᠧᠷᠢᠩ ᠤᠨ ᠠᠬᠢᠴᠠ ᠪᠣᠯᠣᠨ ᠬᠤᠭᠤᠯᠠᠢ ᠶᠢᠨ ᠲᠣᠣᠷ ᠢ ᠳᠡᠪᠢᠰᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠷᠬᠢᠨ  ᠠᠴᠠ ᠴᠢᠬᠤᠯᠠᠴᠢᠯᠠᠭᠰᠠᠨ ᠨᠢ᠂ ᠠᠵᠤ ᠦᠢᠯᠡᠳᠪᠦᠷᠢ ᠶᠢ ᠴᠢᠨᠠᠷ ᠰᠠᠶᠢᠲᠠᠢ ᠲᠣᠭᠲᠠᠭᠤᠨ ᠢᠶᠠᠷ ᠬᠥᠭᠵᠢᠭᠦᠯᠬᠦ ᠳᠤ ᠡᠷᠬᠡᠪᠰᠢ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠶᠢᠨ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠡᠷᠬᠡᠪᠰᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠬᠦᠷᠢᠶ᠎ᠡ᠂ ᠡᠯ᠎ᠡ ᠲᠠᠯ᠎ᠠ᠂ ᠡᠯ᠎ᠡ ᠭᠤᠭᠴᠤᠭ᠎ᠠ ᠳᠤ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠲᠣᠭᠤᠷᠢᠭ ᠤᠨ ᠬᠤᠶᠠᠳᠤᠭᠠᠷ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠠᠩᠬᠠᠷᠴᠤ᠂ ᠨᠠᠶᠢᠳᠠᠪᠤᠷᠢᠵᠢᠭᠤᠯᠤᠨ ᠠᠬᠢᠭᠤᠯᠬᠤ ᠶᠢ ᠴᠢᠩᠭ᠎ᠠ ᠠᠳᠬᠤᠨ᠂ ᠪᠣᠬᠢᠷ ᠤᠰᠤ ᠰᠢᠢᠳᠪᠦᠷᠢᠯᠡᠬᠦ  ᠬᠦᠭᠦᠷᠭᠡ ᠶᠢᠨ ᠥᠷᠲᠡᠭᠡ ᠵᠢᠴᠢ ᠢᠵᠢ ᠪᠦᠷᠢᠳᠦᠭᠦᠯᠬᠦ ᠬᠤᠭᠤᠯᠠᠢ ᠶᠢᠨ ᠲᠣᠣᠷ ᠤᠨ ᠢᠨᠵᠧᠨᠧᠷᠢᠩ ᠢ ᠴᠠᠭ ᠲᠤᠬᠠᠢ ᠳᠤᠨᠢ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃         ᠡᠷᠬᠢᠨ ᠠᠴᠠ ᠡᠯ᠎ᠡ ᠰᠠᠯᠠᠭ᠎ᠠ ᠮᠥᠴᠢᠷ ᠤᠨ ᠬᠢᠨ ᠬᠤᠶᠠᠳᠤᠭᠠᠷ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠵᠢᠷᠤᠭ ᠲᠥᠯᠥᠪᠯᠡᠭᠡ ᠶᠢᠨ ᠲᠥᠰᠥᠯ ᠪᠣᠯᠣᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠪᠠᠷᠢᠯᠭ᠎ᠠ ᠪᠠᠷᠢᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠭᠡᠪᠡ᠃         ᠡᠷᠬᠢᠨ ᠨᠠᠷ ᠪᠠᠶᠠᠨᠪᠤᠯᠠᠭ ᠪᠠᠯᠭᠠᠰᠤ ᠶᠢᠨ ᠳ᠋ᠦᠩ ᠱᠧᠩ ᠲᠣᠰᠬᠤᠨ᠂  ᠲᠤᠸᠠᠨ ᠵᠢᠶᠧ ᠲᠣᠰᠬᠤᠨ᠂  ᠬᠦᠭᠡᠨ᠋ᠦ᠋ᠠᠲᠤᠷ ᠪᠠᠯᠭᠠᠰᠤ ᠶᠢᠨ ᠭᠤᠸᠠᠩ ᠯᠢᠨ ᠲᠣᠰᠬᠤᠨ ᠳᠤ ᠪᠠᠰᠠ ︽ᠬᠥᠳᠡᠭᠡ ᠲᠣᠰᠬᠤᠨ ᠤ ᠲᠦᠷᠪᠡᠨ ᠰᠠᠶᠢᠨᠲᠠᠢ ᠵᠠᠮ︾  ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠡᠷᠬᠢᠨ ᠴᠢᠬᠤᠯᠠᠴᠢᠯᠠᠬᠤ ᠳᠠᠭᠠᠨ᠂ ᠡᠷᠬᠡᠪᠰᠢ ᠥᠨᠳᠥᠷ ᠪᠠᠷᠢᠮᠵᠢᠶ᠎ᠠ ᠪᠠᠷ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠣᠯᠠᠨ ᠡᠰᠢᠲᠦ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂  ᠰᠠᠭᠤᠷᠢ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ᠂ ᠡᠯ᠎ᠡ ᠲᠥᠷᠥᠯ ᠤᠨ ᠢᠵᠢ ᠪᠦᠷᠢᠳᠦᠭᠦᠯᠬᠦ ᠪᠡᠯᠡᠳᠬᠡᠮᠵᠢ ᠶᠢ ᠪᠠᠶᠠᠯᠢᠭᠵᠢᠭᠤᠯᠵᠤ᠂ ︽  ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠳᠤ ᠲᠦᠰᠢᠭᠯᠡᠨ ᠣᠨᠴᠠᠯᠢᠭᠲᠤ ᠵᠢᠱᠢᠶ᠎ᠡ ᠦᠵᠡᠭᠦᠯᠬᠦ ᠵᠠᠮ ᠱᠤᠭᠤᠮ ᠢ ᠪᠣᠶ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠣᠨᠴᠠᠯᠢᠭᠲᠤ ᠠᠵᠤ ᠦᠢᠯᠡᠰ ᠢ ᠬᠡᠯᠬᠢᠶ᠎ᠡ ᠪᠣᠯᠭᠠᠨ  ᠪᠠᠶᠢᠭᠤᠯᠬᠤ ᠭᠡᠷᠡᠭᠲᠡᠢ ᠭᠡᠪᠡ᠃         ᠪᠠᠶᠢᠴᠠᠭᠠᠨ ᠰᠤᠳᠤᠯᠤᠯᠲᠠ ᠶᠢᠨ ᠳᠤᠮᠳᠠ᠂ ᠡᠷᠬᠢᠨ  ᠪᠠᠰᠠ ᠭᠠᠵᠠᠷ ᠳᠣᠣᠷᠠᠬᠢ ᠤᠰᠤᠨ ᠤ ᠲᠦᠪᠰᠢᠨ ᠤ ᠳᠣᠷᠣᠭᠰᠢᠯᠠᠯᠲᠠ ᠶᠢ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃         
ᠢᠷᠡᠯᠲᠡ᠄ ᠲᠤᠰ ᠰᠦᠯᠵᠢᠶ᠎ᠠ