ᠰᠢᠯᠵᠢᠮᠡᠯ P C R  ᠲᠤᠷᠰᠢᠯᠲᠠ ᠶᠢᠨ ᠲᠠᠰᠤᠭ ᠠᠰᠢᠬᠯᠠᠯᠳᠠ ᠳᠤ ᠤᠷᠤᠯ᠎ᠠ
ᠨᠡᠶᠢᠲᠡᠯᠡᠭᠰᠡᠨ ᠴᠠᠭ᠄
2022/3/24
        ᠬᠤᠰᠢᠭᠤᠨ ᠤ ᠬᠦᠭᠡᠨ᠋ᠦ᠋ᠠᠲᠤᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ 40 ᠲᠡᠭᠰᠢ ᠳᠥᠷᠪᠡᠯᠵᠢᠨ ᠮᠧᠲᠷ᠂ 13 ᠮᠧᠲᠷ ᠣᠷᠳᠣ᠂ 3 ᠮᠧᠲᠷ ᠥᠨᠳᠥᠷ ᠬᠥᠬᠡ ᠥᠩᠭᠡ ᠲᠠᠢ ︽ᠴᠢᠩᠭᠡᠯᠢᠭ ᠲᠤᠷᠰᠢᠯᠲᠡ ᠶᠢᠨ ᠲᠠᠰᠤᠭ︾ ᠤᠨ ᠳᠣᠲᠣᠷ᠎ᠠ᠂ ᠬᠠᠮᠠᠭᠠᠯᠠᠯᠲᠠ ᠶᠢᠨ ᠬᠤᠪᠴᠠᠰᠤ ᠡᠮᠦᠰᠦᠭᠰᠡᠨ ᠠᠵᠢᠯᠲᠠᠳ ᠰᠢᠯᠭᠠᠨ ᠪᠠᠶᠢᠴᠠᠭᠠᠯᠲᠠ ᠶᠢᠨ ᠵᠠᠭᠪᠤᠷ ᠢ ᠭᠠᠷᠭᠠᠨ ᠠᠪᠴᠤ᠂ ᠵᠠᠭᠪᠤᠷ ᠢ ᠨᠢ ᠨᠡᠮᠡᠵᠦ  ᠰᠡᠢᠳᠪᠤᠷᠢᠯᠡᠵᠤ ᠪᠠᠶᠢᠨ᠎ᠠ᠃         ᠠᠳᠡᠬᠢ ᠪᠣᠯ ᠳᠠᠷᠤᠶ ᠰᠠᠶ᠋ᠢᠬᠠᠨ ᠲᠤᠷᠰᠢᠨ ᠲᠣᠬᠢᠷᠠᠭᠤᠯᠵᠤ ᠳᠠᠭᠤᠰᠬᠠᠭᠰᠠᠨ ᠪᠥᠬᠦ ᠬᠤᠲᠠ ᠶᠢᠨ ᠬᠤᠰᠢᠭᠤ ᠰᠢᠶᠠᠨ ᠲᠣᠭᠤᠷᠢᠭ ᠤᠨ ᠠᠩᠬᠠᠳᠠᠭᠴᠢ ᠰᠢᠯᠵᠢᠮᠡᠯ P C R  ᠲᠤᠷᠰᠢᠯᠲᠠ ᠶᠢᠨ ᠲᠠᠰᠤᠭ ᠪᠣᠯᠤᠨ᠎ᠠ᠂ 3 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠳᠤ ᠬᠦᠴᠦᠲᠡᠶ ᠪᠠᠲᠤᠯᠠᠭ᠎ᠠ ᠪᠠ  ᠬᠦᠴᠦᠨ  ᠨᠡᠮᠡᠷᠢᠯᠡᠵᠤ ᠪᠠᠶᠢᠨ᠎ᠠ᠃ ᠴᠢᠩᠭᠡᠯᠢᠭ ᠲᠤᠷᠰᠢᠯᠲᠠ ᠶᠢᠨ ᠲᠠᠰᠤᠭ ᠲᠤ ᠲᠤᠷᠰᠢᠯᠲᠠ ᠶᠢᠨ ᠡᠮ ᠢ ᠪᠡᠯᠡᠳᠬᠡᠬᠦ ᠣᠷᠣᠨ᠂ ᠦᠯᠢᠭᠡᠷ ᠬᠢᠬᠦ ᠣᠷᠣᠨ᠂ ᠥᠷᠭᠡᠳᠬᠡᠨ ᠵᠠᠳᠠᠯᠬᠤ ᠣᠷᠣᠨ ᠪᠠ ᠥᠨᠳᠥᠷ ᠳᠠᠷᠤᠯᠲᠠᠲᠤ ᠠᠷᠢᠭᠤᠳᠬᠠᠬᠤ ᠣᠷᠣᠨ ᠢ ᠪᠠᠶᠢᠭᠤᠯᠵᠤ᠂ ᠲᠤᠷᠰᠢᠯᠲᠠ ᠶᠢᠨ ᠣᠷᠣᠨ ᠨᠢᠭᠡᠪᠦᠷᠢ ᠶᠢᠨ ᠬᠤᠭᠤᠷᠣᠨᠳᠣ ᠪᠠᠰᠠ ᠵᠠᠪᠰᠠᠷ ᠤᠨ ᠣᠷᠣᠨ ᠢ ᠪᠠᠶᠢᠭᠤᠯᠵᠤ᠂  ᠦᠯᠢᠭᠡᠷ ᠡᠳ᠋ ᠳᠠᠮᠵᠢᠭᠤᠯᠬᠤ ᠶᠠᠪᠤᠴᠠ ᠳᠤ ᠪᠣᠬᠢᠷᠲᠤᠭᠳᠠᠬᠤ ᠦᠭᠡᠢ ᠪᠠᠶᠢᠬᠤ ᠶᠢ ᠪᠠᠲᠤᠯᠠᠵᠤ᠂ ᠡᠨᠡ ᠨᠢ ᠲᠤᠷᠰᠢᠯᠲᠠ ᠶᠢᠨ ᠣᠷᠣᠨ ᠨᠢᠭᠡᠪᠦᠷᠢ ᠶᠢᠨ ᠬᠤᠭᠤᠷᠣᠨᠳᠣ ᠪᠠᠰᠠ ᠵᠠᠪᠰᠠᠷ ᠤᠨ ᠣᠷᠣᠨ ᠢ ᠪᠠᠶᠢᠭᠤᠯᠵᠤ᠂  ᠦᠯᠢᠭᠡᠷ ᠡᠳ᠋ ᠢ ᠳᠠᠮᠵᠢᠭᠤᠯᠬᠤ ᠶᠠᠪᠤᠴᠠ ᠳᠤ ᠪᠣᠬᠢᠷᠲᠤᠭᠳᠠᠬᠤ ᠦᠭᠡᠢ ᠪᠠᠶᠢᠬᠤ ᠶᠢ ᠪᠠᠲᠤᠯᠠᠭᠰᠠᠨ ᠪᠠᠶᠢᠨ᠎ᠠ᠃         ᠰᠢᠯᠵᠢᠮᠡᠯ ᠳᠥᠷᠪᠡᠯᠵᠢᠨ ᠲᠠᠰᠤᠯᠭ᠎ᠠ ᠶᠢᠨ ᠲᠤᠷᠰᠢᠯᠲᠠ ᠶᠢᠨ ᠲᠠᠰᠤᠭ ᠨᠢ P C R ᠲᠤᠷᠰᠢᠯᠲᠠ ᠶᠢᠨ ᠲᠠᠰᠤᠭ ᠪᠣᠯᠬᠤ ᠮᠥᠷᠲᠡᠭᠡᠨ ᠪᠠᠰᠠ ᠰᠢᠯᠵᠢᠭᠦᠯᠵᠦ ᠪᠣᠯᠬᠤ ᠴᠢᠨᠠᠷ ᠲᠠᠢ᠂ ᠦᠵᠡᠬᠦ ᠳᠤ ᠶᠠᠭ ᠨᠢᠭᠡᠨ ︽ᠴᠢᠩᠭᠡᠯᠢᠭ︾ ᠰᠢᠭ᠂ ᠳᠤᠷ᠎ᠠ ᠪᠠᠷ ᠢᠶᠠᠨ ᠶᠠᠮᠠᠷ ᠴᠤ ᠠᠭᠤᠳᠠᠮ ᠲᠡᠨᠢᠭᠡᠷ ᠭᠠᠵᠠᠷ ᠲᠤ ᠬᠦᠷᠳᠡᠭ᠂ ᠬᠢᠵᠢᠭ ᠤᠨ ᠪᠠᠶᠢᠳᠠᠯ ᠳᠣᠣᠷ᠎ᠠ ᠲᠦᠷᠭᠡᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠬᠡᠷᠡᠭᠯᠡᠵᠦ ᠪᠣᠯᠤᠨ᠎ᠠ᠃ ᠣᠳᠣᠬᠠᠨ ᠳᠤ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠤᠶᠢᠯ ᠤᠨ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠰᠢᠯᠵᠢᠮᠡᠯ ᠳᠥᠷᠪᠡᠯᠵᠢᠨ ᠲᠠᠰᠤᠯᠭ᠎ᠠ ᠶᠢᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠨᠢ ᠶᠡᠭᠡ ᠲᠥᠯᠥᠪ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠠᠷᠭᠠᠴᠠᠬᠤ ︽  ᠪᠠᠭᠠᠵᠢ︾ ᠪᠣᠯᠤᠭᠰᠠᠨ ᠤ ᠬᠤᠪᠢ ᠳᠤ᠂ ᠭᠠᠷᠭᠠᠨ ᠠᠪᠬᠤ᠂ ᠭᠧᠨ ᠢ ᠥᠷᠭᠡᠳᠬᠡᠬᠦ ᠠᠷᠭ᠎ᠠ ᠪᠠᠷ ᠳᠡᠮᠵᠢᠨ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠵᠦ᠂ ᠪᠠᠶᠢᠴᠠᠭᠠᠨ ᠬᠡᠮᠵᠢᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠲᠤᠬᠠᠶ ᠶᠢᠨ ᠡᠳᠦᠷ ᠲᠤᠨᠢ ᠥᠯᠢᠭᠡᠷ ᠡᠳ᠋ ᠠᠪᠬᠤ᠂ ᠲᠤᠬᠠᠶ ᠶᠢᠨ ᠡᠳᠦᠷ ᠲᠤᠨᠢ ᠪᠠᠶᠢᠴᠠᠭᠠᠨ ᠬᠡᠮᠵᠢᠬᠦ᠂ ᠲᠤᠬᠠᠶ ᠶᠢᠨ ᠡᠳᠦᠷ ᠲᠤᠨᠢ ᠮᠡᠳᠡᠭᠦᠯᠬᠦ ᠶᠢ ᠪᠡᠶᠡᠯᠡᠭᠦᠯᠵᠦ᠂ ᠬᠥᠮᠦᠨ ᠤ ᠬᠦᠴᠦ᠂ ᠪᠣᠳᠠᠰ ᠤᠨ ᠬᠦᠴᠦᠨ ᠤ ᠣᠷᠣᠭᠤᠯᠤᠯᠲᠠ ᠶᠢ ᠠᠷᠪᠢᠯᠠᠭᠰᠠᠨ ᠢᠶᠠᠷ ᠪᠠᠷᠠᠬᠤ ᠥᠬᠡᠶ ᠪᠠᠰᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠡᠳ᠋ ᠠᠪᠬᠤ ᠴᠠᠭ ᠬᠤᠭᠤᠴᠠᠭ᠎ᠠ ᠶᠢ ᠶᠡᠭᠡ ᠪᠠᠷ ᠪᠣᠭᠤᠨᠢᠰᠬᠠᠵᠤ᠂ ᠭᠠᠵᠠᠷ ᠣᠷᠣᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠬᠦᠴᠦᠲᠡᠶ ᠳᠡᠭᠡᠭᠰᠢᠯᠡᠭᠦᠯᠦᠨ᠂ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠷᠠᠭᠤᠯᠪᠠ᠃ 
ᠢᠷᠡᠯᠲᠡ᠄ ᠲᠤᠰ ᠰᠦᠯᠵᠢᠶ᠎ᠠ