ᠬᠤᠰᠢᠭᠤᠨ ᠤ ᠨᠠᠮ ᠤᠨ ᠬᠤᠷᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ
ᠨᠡᠶᠢᠲᠡᠯᠡᠭᠰᠡᠨ ᠴᠠᠭ᠄
2022/4/1
       ᠤᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯ ᠬᠠᠮ ᠦᠵᠡᠬᠦᠯᠤᠯᠭᠡ  ᠶᠢᠨ ᠲᠥᠪ ᠲᠤ ᠬᠤᠷᠠᠯᠳᠤᠪᠠ᠃  ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠬᠤᠰᠢᠭᠤᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ︽ᠰᠢᠨ᠎ᠡ ᠬᠤᠶᠢᠲᠤ ᠬᠤᠰᠢᠭᠤ ᠶᠢ ᠳᠠᠬᠢᠨ ᠪᠠᠶᠢᠭᠤᠯᠬᠤ︾ ᠪᠠᠷ ᠵᠢᠷᠤᠭ ᠲᠥᠯᠥᠪᠯᠡᠭᠡ ᠪᠣᠯᠭᠠᠵᠤ᠂ ︽ᠭᠤᠷᠪᠠᠨ ᠰᠠᠭᠤᠷᠢᠨ ᠭᠤᠷᠪᠠᠨ ᠵᠢᠱᠢᠶ᠎ᠡ ᠦᠵᠡᠭᠦᠯᠬᠦ ᠬᠤᠶᠠᠷ ᠬᠡᠪ ᠳᠠᠭᠤᠷᠢᠶᠠᠯ︾ ᠢᠶᠠᠷ ᠤᠷᠤᠭᠰᠢᠯᠠᠬᠤ ᠴᠢᠭᠯᠡᠯ ᠪᠣᠯᠭᠠᠵᠤ᠂ 5 ︽ᠬᠤᠶᠠᠷ ᠳᠠᠬᠢᠨ ᠨᠡᠮᠡᠭᠳᠡᠭᠦᠯᠬᠦ︾᠂  ︽ᠲᠠᠪᠤᠨ ᠰᠢᠪᠲᠤᠯᠤᠯᠲᠠ︾ ᠪᠠᠷ ᠦᠨᠳᠦᠰᠦᠨ ᠵᠢᠷᠤᠮᠯᠠᠯ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠤᠨ᠂ ᠪᠥᠬᠦ ᠬᠤᠰᠢᠭᠤ ᠪᠠᠷ ᠢᠶᠠᠨ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠤᠷᠠᠳ ᠤᠨ ᠬᠤᠶᠢᠲᠤ ᠬᠤᠰᠢᠭᠤ ᠶᠢ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠤ ᠭᠡᠷᠡᠯᠲᠦ ᠰᠤᠪᠤᠳ ᠪᠣᠯᠭᠠᠨ ᠪᠥᠲᠥᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠥᠬᠡᠶ ᠲᠡᠮᠡᠴᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃        ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ  ᠡᠷᠬᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠡᠴᠡᠩᠭᠤᠸ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠤᠤ ᠶᠦᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠱᠦᠵᠢ  ᠮᠧᠩ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ  ᠤᠲᠤᠷᠢᠲᠤᠯᠭ᠎ᠠ ᠪᠠ ᠰᠢᠭᠦᠬᠦ ᠬᠤᠷᠢᠶ᠎ᠠ ᠪᠠᠶᠢᠴᠠᠭᠠᠬᠤ  ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠵᠠᠶ᠃         ᠸᠠᠩ ᠶᠢᠨ ᠪᠦᠦ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠭᠤᠤᠯ ᠵᠣᠷᠢᠯᠭ᠎ᠠ ᠪᠣᠯ᠂ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠪᠠ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠨᠥᠬᠦᠪᠥᠷᠢᠯᠡᠨ ᠲᠡᠭᠦᠯᠳᠡᠷᠵᠢᠭᠦᠯᠵᠦ᠂ ᠪᠥᠬᠦ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ᠎ᠠ᠃        ᠸᠠᠩ ᠶᠢᠨ ᠪᠦᠦ ᠵᠢᠭᠠᠵᠤ ᠭᠠᠷᠭᠠᠭᠰᠠᠨ ᠨᠢ᠂ 2021 ᠣᠨ ᠳᠤ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢᠨ ᠪᠠᠭᠤᠷᠠᠯᠲᠠ᠂ ᠡᠨᠧᠷᠭᠢ ᠶᠢᠨ ᠬᠤᠷᠣᠭᠳᠠᠯ ᠪᠠ ᠣᠷᠴᠢᠨ ᠠᠬᠤᠶ ᠶᠢᠨ ᠬᠢᠵᠠᠭᠠᠷᠯᠠᠯ ᠵᠡᠷᠭᠡ ᠣᠯᠠᠨ ᠵᠤᠶᠢᠯ ᠤᠨ ᠠᠰᠢᠭ ᠥᠬᠡᠶ ᠬᠦᠴᠦᠨ  ᠵᠤᠶᠢᠯ ᠳᠤ ᠰᠢᠭᠤᠳ ᠬᠠᠨᠳᠤᠵᠤ᠂ ᠳᠠᠷᠤᠯᠲᠠ ᠶᠢ ᠲᠤᠯᠵᠤ᠂ ᠬᠦᠴᠢᠷ ᠢ ᠰᠦᠷᠦᠨ ᠤᠷᠤᠭᠰᠢᠯᠠᠵᠤ᠂ ᠠᠵᠤ ᠠᠬᠤᠶ ᠨᠡᠶᠢᠭᠡᠮ ᠤᠨ ᠡᠯ᠎ᠡ  ᠵᠤᠶᠢᠯ ᠤᠨ ᠠᠵᠢᠯ ᠳᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠠᠶ᠃ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠤ ︽ᠪᠣᠳᠠᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠳᠠᠪᠠᠯᠲᠠ ᠶᠢ ᠠᠬᠢᠭᠤᠯᠵᠤ︾᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 10 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠲᠡᠦᠬᠡᠲᠦ ᠴᠢᠨᠠᠷᠲᠠᠶ ᠪᠠᠷ ᠳᠠᠪᠠᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠲᠡᠷᠢᠭᠦᠨ ᠳᠤ ᠣᠷᠣᠪᠠ ᠃᡽ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ 300 ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ  ᠲᠠᠪᠠᠭᠰᠠᠨ ᠪᠠᠶᠢᠨ᠎ᠠ ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 35 ᠳ᠋ᠦᠩᠰᠢᠭᠤᠷ ᠲᠥᠭᠦᠷᠢᠭ ᠪᠡᠶᠡᠯᠡᠭᠦᠯᠪᠡ᠃  ᠠᠵᠤ  ᠤᠶᠢᠯᠡᠰ ᠤᠨ ᠬᠥᠭᠵᠢᠯᠲᠡ ᠳᠤ ︽ᠥᠨᠳᠥᠷ ᠠᠷᠭ᠎ᠠ ᠬᠡᠮᠵᠢᠶ᠎ᠡ ᠠᠪᠴᠤ ᠥᠪᠡᠷᠮᠢᠴᠡ ᠣᠨᠴᠠᠯᠢᠭ ᠢ  ᠶᠡᠭᠡᠰᠭᠡᠨ︾᠂ ᠲᠦᠮᠡᠨ ᠮᠥ ᠴᠢᠨᠠᠷ ᠰᠠᠶᠢᠲᠠᠶ ᠡᠪᠡᠰᠦ ᠪᠡᠯᠴᠢᠭᠡᠷ ᠢ ᠵᠠᠯᠭᠠᠯᠳᠤᠭᠤᠯᠤᠨ ᠳᠠᠷᠢᠵᠤ᠂ ᠲᠦᠮᠡᠨ ᠮᠥ ᠪᠡᠯᠡᠳᠭᠡᠮᠵᠢᠳᠤ ᠲᠠᠷᠢᠶᠠᠯᠠᠩ ᠤᠨ ᠲᠣᠭᠤᠷᠢᠭ᠂ ᠲᠦᠮᠡᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠵᠡᠷᠭᠡ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠨᠢᠭᠲᠠ ᠬᠤᠯᠪᠣᠭᠰᠠᠨ ᠲᠠᠷᠢᠶᠠᠯᠠᠩ ᠮᠠᠯ ᠠᠵᠤ ᠠᠬᠤᠶ ᠶᠢᠨ ᠠᠯᠢ ᠣᠯᠠᠨ ᠲᠥᠷᠥᠯ ᠵᠤᠶᠢᠯ ᠢ ᠪᠥᠬᠦ ᠲᠠᠯ᠎ᠠ ᠪᠠᠷ ᠡᠬᠢᠯᠡᠭᠦᠯᠪᠡ ᠃ ᠾᠸᠢ ᠮᠤᠤ᠂ ᠭᠦᠸᠧ ᠴᠧᠩ᠂ ᠱᠠᠩᠬᠠᠶ ᠶᠢᠨ ᠰᠦᠮ᠎ᠡ ᠶᠢᠨ ᠣᠨᠴᠠ ᠥᠨᠳᠥᠷ ᠳᠠᠷᠤᠯᠲᠠ ᠵᠡᠷᠭᠡ ᠴᠢᠬᠤᠯᠠ ᠶᠡᠭᠡ ᠠᠵᠤ  ᠤᠶᠢᠯᠡᠳᠪᠤᠷᠢ ᠶᠢᠨ ᠲᠥᠷᠥᠯ  ᠵᠤᠶᠢᠯ ᠢ ᠲᠣᠭᠲᠠᠭᠤᠨ ᠢᠶᠠᠷ ᠠᠬᠢᠭᠤᠯᠵᠤ᠂ ᠪᠥᠬᠦ ᠬᠤᠲᠠ ᠳᠤ ᠡᠩ ᠲᠡᠷᠢᠭᠦᠨ ᠳᠤ ᠳᠣᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠳᠤᠷᠠᠳᠤᠨ ᠭᠠᠷᠭᠠᠬᠤ ᠶᠢᠨ ᠬᠠᠮᠲᠤ ᠶᠡᠷᠦᠩᠬᠡᠶ ᠲᠥᠯᠥᠪᠵᠢᠭᠦᠯᠭᠡ ᠶᠢ ᠪᠡᠶᠡᠯᠡᠭᠦᠯᠵᠦ᠂ ᠤᠷᠠᠳ ᠤᠨ ᠬᠤᠶᠢᠲᠤ ᠬᠤᠰᠢᠭᠤᠨ ᠤ ᠳᠣᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠢ ᠪᠥᠬᠦ ᠣᠷᠣᠨ ᠤ ᠲᠤᠷᠰᠢᠯᠲᠠ ᠳᠤ ᠣᠷᠣᠭᠤᠯᠬᠤ ᠪᠠ ︽ᠳᠤᠮᠳᠠᠳᠤ ᠧᠦ᠋ᠷᠣᠫᠠ ᠶᠢᠨ ᠭᠠᠯᠲᠤ ᠲᠡᠷᠭᠡ ᠶᠢᠨ ᠪᠠᠶᠢᠩᠭᠤ ᠶᠢᠨ ᠠᠵᠢᠯᠯᠠᠭᠠᠨ ᠢ ᠪᠠᠲᠤᠯᠠᠬᠤ︾ ᠶᠢ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠳᠤ ᠣᠷᠣᠭᠤᠯᠬᠤ ᠶᠢ  ᠠᠬᠢᠭᠤᠯᠪᠠ᠃ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠤᠰᠬᠠᠢ ᠪᠡᠯᠡ ᠮᠥᠩᠭᠦ ᠨᠢ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠬᠢᠵᠢᠭᠦᠯᠪᠡ᠃ ᠬᠤᠸᠠᠩᠭᠠᠩ ᠲᠤᠷᠰᠢᠯᠲᠠ ᠶᠢᠨ ᠰᠤᠷᠭᠠᠭᠤᠯᠢ ᠶᠢᠨ ᠤᠷᠠᠳ ᠤᠨ ᠬᠤᠶᠢᠲᠤ ᠬᠤᠰᠢᠭᠤᠨ ᠤ ᠬᠤᠪᠢᠶᠠᠷᠢ ᠰᠤᠷᠭᠠᠭᠤᠯᠢ ᠵᠢᠩᠬᠢᠨᠢ ᠪᠠᠷ  ᠪᠠᠶᠢᠭᠤᠯᠤᠭᠲᠠᠨ᠂ ᠰᠤᠷᠤᠭᠴᠢᠳ ᠲᠤ ᠰᠢᠯᠢᠳᠡᠭ ᠰᠤᠷᠭᠠᠨ ᠬᠥᠮᠦᠵᠢᠯ ᠬᠦᠷᠲᠡᠭᠡᠪᠡ᠃ ᠤᠶᠤᠨᠲᠤ ᠷᠠᠳᠢᠣ᠋ ᠲᠧᠯᠸᠢᠰ ᠨᠢ ᠮᠠᠯᠴᠢᠳ ᠲᠤ ᠲᠦᠬᠦᠮ ᠦᠵᠡᠬᠦᠯᠵᠤ ᠂ ᠴᠢᠮᠡᠭᠡ ᠨᠡᠪᠲᠡᠷᠡᠯᠭᠡ ᠶᠢᠨ ᠪᠠᠴᠢᠮ ᠪᠠᠶᠢᠳᠠᠯ ᠢ ᠠᠷᠭᠠᠴᠠᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠠᠷᠠᠳ ᠢ ᠪᠠᠶᠠᠵᠢᠭᠤᠯᠤᠨ ᠬᠤᠰᠢᠭᠤ ᠶᠢ ᠬᠦᠴᠦᠷᠬᠡᠭᠵᠢᠭᠦᠯᠬᠦ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃         ᠸᠠᠩ ᠶᠢᠨ ᠪᠦᠦ ᠵᠢᠭᠠᠵᠤ ᠭᠠᠷᠭᠠᠭᠰᠠᠨ ᠨᠢ᠂ ᠰᠢᠨ᠎ᠡ ᠨᠢᠭᠡ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠲᠤᠰᠢᠶᠠᠯ ᠳᠤ ᠭᠠᠷᠤᠭᠰᠠᠨ ᠠᠴᠠ ᠨᠠᠰᠢ᠂ ᠬᠦᠴᠢᠷ ᠠᠰᠠᠭᠤᠳᠠᠯ ᠢ  ᠰᠡᠢᠳᠪᠤᠷᠢᠯᠡᠨ ᠪᠡᠷᠬᠡ ᠠᠰᠠᠭᠤᠳᠠᠯ ᠢ  ᠰᠡᠢᠳᠪᠤᠷᠢᠯᠡᠵᠤ᠂ ᠰᠠᠭᠤᠷᠢ ᠲᠠᠯᠪᠢᠵᠤ ᠠᠯᠤᠰ ᠬᠡᠲᠦ ᠳᠤ ᠠᠰᠢᠭᠲᠠᠶ ᠨᠢᠭᠡ ᠪᠦᠯᠦᠭ ᠶᠡᠭᠡ ᠶᠠᠪᠤᠳᠠᠯ ᠴᠢᠬᠤᠯᠠ ᠶᠠᠪᠤᠳᠠᠯ ᠪᠣᠳᠠᠲᠤ ᠶᠠᠪᠤᠳᠠᠯ ᠪᠡᠷᠬᠡ ᠶᠠᠪᠤᠳᠠᠯ ᠢ ᠪᠦᠲᠦᠭᠡᠵᠡᠶ᠃ ᠠᠵᠢᠯ ᠬᠢᠬᠦ ᠳᠤ  ᠪᠢᠳᠡ ᠰᠡᠳᠬᠢᠯ ᠰᠢᠭᠤᠳᠤᠨ ᠤᠷᠢᠳ ᠢᠶᠠᠷ ᠠᠷᠭ᠎ᠠ ᠰᠦᠪᠡᠭᠴᠢᠯᠡᠵᠦ᠂ ᠤᠷᠢᠳ ᠢᠶᠠᠷ ᠲᠠᠭᠠᠷᠢᠯᠳᠡ ᠬᠢᠵᠦ᠂ ᠤᠷᠢᠳ ᠢᠶᠠᠷ ᠬᠦᠴᠦᠯᠡᠳᠡᠭ ᠯᠡ ᠶᠤᠮ ᠪᠣᠯ ᠠᠯᠢᠪᠠ ᠬᠦᠴᠢᠷ ᠠᠰᠠᠭᠤᠳᠠᠯ ᠢ ᠪᠦᠷ ᠠᠮᠠᠷᠬᠠᠨ ᠰᠢᠢᠳᠪᠦᠷᠢᠯᠡᠵᠦ ᠴᠢᠳᠠᠨ᠎ᠠ᠃   ᠪᠢᠳᠡ ᠨᠢᠭᠲᠠᠷᠠᠨ ᠪᠦᠯᠬᠦᠮᠳᠡᠵᠦ᠂ ᠰᠡᠳᠬᠢᠯ ᠲᠠᠯᠪᠢᠨ ᠠᠵᠢᠯ ᠶᠠᠪᠤᠳᠠᠯ ᠬᠢᠵᠦ᠂ ᠪᠦᠬᠦ ᠰᠡᠳᠬᠢᠯ ᠢᠶᠠᠷ ᠢᠶᠠᠨ ᠠᠵᠢᠯ ᠶᠠᠪᠤᠳᠠᠯ ᠪᠦᠲᠦᠭᠡᠳᠡᠭ ᠯᠡ ᠶᠤᠮ ᠪᠣᠯ ᠬᠠᠷᠰᠢ ᠰᠠᠭᠠᠳ ᠢ ᠨᠢᠭᠡ ᠨᠢᠭᠡ ᠪᠠᠷ ᠨᠢ ᠡᠪᠳᠡᠵᠦ ᠴᠢᠳᠠᠨ᠎ᠠ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠭᠰᠡᠨ ᠪᠠᠶᠢᠨ᠎ᠠ᠃        ᠸᠠᠩ ᠶᠢᠨ ᠪᠦᠦ ᠵᠢᠭᠠᠵᠤ ᠭᠠᠷᠭᠠᠭᠰᠠᠨ ᠨᠢ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠭᠠᠳ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠷᠸ᠎ᠠ ᠲᠠᠯ᠎ᠠ ᠠᠴᠠ ᠠᠪᠴᠤ ᠦᠵᠡᠪᠡᠯ᠂ ᠮᠠᠨ ᠤ ᠬᠤᠰᠢᠭᠤ ᠶᠠᠭ ᠣᠯᠳᠠᠬᠤᠶ᠎ᠠ ᠪᠡᠷᠬᠡ᠂ ᠶᠡᠭᠡ ᠦᠢᠯᠡᠰ ᠢ ᠪᠦᠲᠦᠭᠡᠵᠦ ᠪᠣᠯᠬᠤ ᠲᠡᠦᠬᠡ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠨ᠎ᠠ᠃ ᠪᠢᠳᠡ ︽ᠲᠣᠭᠲᠠᠭᠤᠨ ᠪᠠᠶᠢᠯᠭᠠᠬᠤ︾ ᠪᠠ ︽ᠤᠷᠤᠭᠰᠢᠯᠠᠨ ᠳᠠᠪᠰᠢᠬᠤ︾ ᠶᠢᠨ ᠬᠠᠷᠢᠴᠠᠭ᠎ᠠ ᠶᠢ ᠣᠨᠣᠪᠴᠢᠲᠠᠶ ᠡᠵᠡᠮᠰᠢᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠵᠤ᠂ ᠤᠷᠤᠭᠰᠢᠯᠠᠯᠲᠠ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠵᠤ᠂ ᠪᠦᠬᠦ ᠬᠤᠰᠢᠭᠤ ᠪᠠᠷ ᠢᠶᠠᠨ ᠨᠢᠭᠡᠨ ᠬᠥᠯᠭᠡ ᠰᠢᠲᠠᠷ᠎ᠠ ᠲᠠᠯᠪᠢᠵᠤ᠂ ᠨᠢᠭᠡᠨ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠤᠷᠢᠳᠠᠪᠠᠷ ᠬᠢᠵᠦ ᠤᠷᠢᠳᠠᠪᠠᠷ ᠲᠤᠷᠰᠢᠨ ᠬᠢᠵᠦ᠂  ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠪᠤᠢ ᠪᠣᠯᠭᠠᠵᠤ᠂  ᠤᠷᠠᠳ ᠤᠨ ᠬᠤᠶᠢᠲᠤ ᠬᠤᠰᠢᠭᠤᠨ ᠤ ᠡᠯ᠎ᠡ ᠵᠦᠢᠯ ᠤᠨ ᠦᠢᠯᠡᠰ ᠤᠨ ᠴᠡᠴᠡᠭᠯᠡᠨ  ᠬᠦᠭᠵᠢᠬᠦ ᠶᠢ  ᠠᠬᠢᠭᠤᠯᠬᠤ ᠭᠡᠷᠡᠭᠲᠡᠢ ᠭᠡᠵᠡᠢ᠃         ᠸᠠᠩ ᠶᠢᠨ ᠪᠦᠦ ᠵᠢᠭᠠᠵᠤ ᠭᠠᠷᠭᠠᠭᠰᠠᠨ ᠨᠢ᠂ ᠠᠵᠤ  ᠤᠶᠢᠯᠡᠰ ᠢᠶᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠨᠢᠭᠡᠳᠦᠭᠡᠷ ᠠᠵᠤ ᠦᠢᠯᠡᠰ ᠢᠶᠠᠷ ᠬᠥᠳᠡᠯᠭᠡᠬᠦ ᠬᠦᠴᠦᠨ ᠤ ᠡᠬᠢ ᠰᠤᠷᠪᠤᠯᠵᠢ ᠪᠣᠯᠭᠠᠵᠤ᠂ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠴᠢᠷᠮᠠᠶᠢᠨ ᠪᠡᠶᠡᠯᠡᠭᠦᠯᠵᠦ᠂ ᠲᠠᠷᠢᠶᠠᠯᠠᠩ ᠤᠨ ᠶᠠᠰᠤ ᠴᠢᠨᠠᠷ ᠤᠨ ᠬᠤᠪᠢᠰᠤᠯᠲᠠ ᠳᠤ ︽ᠲᠡᠷᠢᠭᠦᠨ ᠤ ᠤᠢᠢᠯᠠᠭᠠᠭᠳᠠᠬᠤᠨ︾ ᠢ ᠲᠡᠷᠢᠭᠦᠨ ᠳᠤ ᠲᠠᠯᠪᠢᠵᠤ᠂ ᠨᠢᠭᠡ ᠶᠢ ᠲᠤᠤᠱᠯᠠᠭᠤᠯᠬᠤ ᠶᠢ ᠪᠠᠷᠢᠮᠲᠠᠯᠠᠵᠤ᠂ ᠮᠠᠯ ᠠᠵᠤ ᠠᠬᠤᠢ ᠶᠢᠨ ᠦᠷ᠎ᠡ ᠠᠰᠢᠭ ᠤᠨ ᠬᠤᠪᠢᠰᠤᠯᠲᠠ ᠳᠤ ︽ᠲᠥᠪᠯᠡᠷᠡᠭᠦᠯᠦᠨ ᠡᠷᠴᠢᠮᠵᠢᠭᠦᠯᠬᠦ︾ ᠪᠦᠯᠬᠦᠮᠳᠡᠭᠦᠯᠦᠨ ᠬᠥᠭᠵᠢᠭᠦᠯᠬᠦ᠂ ᠪᠦᠬᠦᠯᠢ ᠴᠣᠭᠴᠠ ᠶᠢᠨ ᠪᠠᠶᠢᠳᠠᠯ ᠢ ᠪᠦᠷᠢᠯᠳᠦᠭᠦᠯᠬᠦ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠬᠥᠳᠡᠯᠭᠡᠬᠦ ᠬᠦᠴᠦᠨ ᠤ ᠬᠤᠪᠢᠰᠤᠯᠲᠠ ᠳᠤ ︽ᠤᠯᠠᠨ ᠠᠷᠭ᠎ᠠ  ᠭᠡᠮᠵᠢᠶ᠎ᠠ ᠶᠢ ᠵᠡᠷᠭᠡᠪᠡᠷ ᠬᠡᠷᠡᠭᠵᠢᠭᠦᠯᠬᠦ︾ ᠶᠢ ᠬᠠᠷᠢᠯᠴᠠᠨ ᠬᠥᠭᠡᠭᠡᠴᠡᠯᠳᠦᠵᠦ᠂ ᠬᠠᠮᠲᠤᠪᠠᠷ ᠴᠢᠨᠡᠭᠡᠯᠢᠭᠵᠢᠬᠦ ᠶᠢ ᠪᠠᠷᠢᠮᠲᠠᠯᠠᠬᠤ ᠬᠡᠷᠡᠭᠲᠡᠢ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠤᠨ ᠬᠡᠮᠵᠢᠶ᠎ᠡ ᠶᠢ ᠶᠡᠬᠡᠰᠬᠡᠵᠦ᠂ ᠰᠢᠨ᠎ᠡ ᠡᠨᠧᠷᠭᠢ ᠶᠢᠨ ᠠᠵᠤ ᠤᠶᠢᠯᠡᠰ ᠤᠨ ᠰᠠᠯᠠᠭ᠎ᠠ ᠨᠠᠮᠠᠭ᠎ᠠ ᠢᠭᠴᠤ ᠰᠠᠬᠤᠯᠢᠭ ᠪᠠᠶᠢᠬᠤ ᠶᠢ ᠠᠬᠢᠭᠤᠯᠤᠨ᠎ᠠ᠃ ᠭᠤᠷᠪᠠᠳᠤᠭᠠᠷ ᠠᠵᠤ ᠦᠢᠯᠡᠰ ᠢᠶᠠᠷ ᠨᠡᠮᠡᠭᠳᠡᠯ ᠤᠨ ᠲᠦᠢᠯ ᠪᠣᠯᠭᠠᠵᠤ᠂ ᠪᠦᠭᠦ ᠬᠤᠰᠢᠭᠤ ᠶᠢ ᠲᠤᠯᠭᠠᠭᠤᠷᠢᠯᠠᠵᠤ᠂ ᠪᠦᠭᠦ ᠬᠤᠲᠠ ᠶᠢ ᠲᠠᠶᠢᠴᠢᠯᠠᠵᠤ᠂ ᠪᠠᠷᠠᠭᠤᠨ ᠬᠤᠶᠢᠲᠤ ᠣᠷᠣᠨ ᠢ ᠨᠥᠯᠥᠭᠡᠯᠡᠬᠦ ᠶᠢ ᠴᠢᠷᠮᠠᠶᠢᠨ ᠪᠡᠶᠡᠯᠡᠭᠦᠯᠵᠦ᠂ ᠰᠣᠶᠣᠯ ᠵᠤᠭᠠᠴᠠᠯ ᠤᠨ ᠦᠢᠯᠡᠰ ᠢ ᠤᠷᠠᠨ ᠠᠷᠭ᠎ᠠ ᠪᠠᠷ ᠪᠠᠶᠢᠷᠢᠰᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ ᠦᠢᠯᠡᠰ ᠢ ᠲᠦᠷᠭᠡᠨ ᠠᠷᠭ᠎ᠠ ᠤᠬᠠᠭᠠᠨ ᠭᠠᠷᠭᠠᠬᠤ ᠬᠡᠷᠡᠭᠲᠡᠢ᠃         ᠸᠠᠩ ᠶᠢᠨ ᠪᠦᠦ ᠵᠢᠭᠠᠵᠤ ᠭᠠᠷᠭᠠᠭᠰᠠᠨ ᠨᠢ᠂ ︽ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ︾ ᠶᠢ ᠪᠠᠷᠢᠮᠲᠠᠯᠠᠵᠤ᠂ ᠰᠡᠷᠭᠡᠶᠢᠯᠡᠨ ᠵᠠᠰᠠᠬᠤ ᠶᠢ ᠵᠡᠷᠭᠡᠪᠡᠷ ᠴᠢᠬᠤᠯᠠᠴᠢᠯᠠᠵᠤ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ᠬᠠᠳᠤᠨ ᠭᠤᠣᠯ ᠤᠨ ᠰᠠᠪᠠ ᠭᠠᠵᠠᠷ ᠤᠨ ᠰᠡᠷᠡᠮᠵᠢ ᠶᠢᠨ ᠹᠢᠯᠢᠮ ᠤᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠶᠢᠭᠠᠯᠢ ᠶᠢᠨ ᠰᠢᠲᠠᠮᠠᠬᠠᠢ ᠬᠡᠢ ᠶᠢ ᠵᠠᠰᠠᠬᠤ᠂ ᠤᠰᠤ ᠶᠢ ᠵᠠᠰᠠᠬᠤ᠂ ᠬᠥᠷᠥᠰᠥ ᠰᠢᠷᠣᠢ ᠶᠢ ᠵᠠᠰᠠᠬᠤ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠠᠮᠢ ᠠᠬᠤᠢ᠂ ᠠᠵᠤ ᠠᠬᠤᠢ᠂ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠦᠨ᠎ᠡ᠃ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ ᠬᠤᠳᠠ ᠬᠥᠳᠡᠭᠡ ᠶᠢᠨ ᠠᠭᠤᠰᠤᠯᠴᠠᠯ ᠢ ᠠᠬᠢᠭᠤᠯᠵᠤ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ︽ᠨᠢᠭᠡ ᠵᠡᠭᠡᠯᠢ ᠨᠢᠭᠡ ᠦᠵᠡᠮᠵᠢ︾ ᠶᠢ ᠴᠣᠭᠴᠠᠯᠠᠵᠤ ᠂ ᠬᠠᠭᠤᠴᠢᠨ ᠵᠢᠵᠢᠭ ᠲᠣᠭᠤᠷᠢᠭ᠂ ᠪᠠᠶᠢᠰᠢᠩ ᠭᠡᠷ ᠤᠨ ᠲᠣᠭᠤᠷᠢᠭ ᠤᠨ ᠤᠰᠤ᠂ ᠴᠠᠬᠢᠯᠭᠠᠨ᠂ ᠳᠤᠯᠠᠭᠠᠯᠠᠭ᠎ᠠ ᠵᠡᠷᠭᠡ ᠬᠤᠳᠠ ᠶᠢᠨ ᠶᠠᠪᠤᠳᠠᠯ ᠤᠨ ᠪᠦᠳᠦᠭᠡᠨ ᠪᠠᠶᠢᠭᠤᠯᠤᠯᠲᠠ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠬᠦ ᠶᠢ ᠲᠦᠷᠭᠡᠳᠬᠡᠵᠦ᠂ ᠪᠦᠬᠦ ᠬᠤᠳᠠ ᠶᠢᠨ ᠲᠣᠭᠤᠷᠢᠭ ᠢ ᠴᠡᠪᠡᠷ ᠴᠡᠮᠴᠡᠭᠡᠷ᠂ ᠴᠡᠪᠡᠷ ᠲᠤᠩᠭᠠᠯᠠᠭ᠂ ᠭᠤᠶᠤ ᠰᠠᠶᠢᠬᠠᠨ ᠪᠣᠯᠭᠠᠨ᠎ᠠ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠪᠠ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠲᠡᠵᠢᠭᠡᠯ ᠡᠪᠡᠰᠦ ᠪᠣᠷᠳᠤᠭ᠎ᠠ ᠶᠢ ᠨᠥᠭᠡᠴᠡᠯᠡᠬᠦ ᠬᠥᠮᠥᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠶᠢᠭᠠᠯᠢ ᠶᠢᠨ ᠭᠠᠮᠰᠢᠭ ᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠤᠰᠤᠯᠴᠠᠬᠤ ᠠᠯᠬᠤᠴᠠ ᠪᠠᠨ ᠲᠦᠷᠭᠡᠳᠬᠡᠵᠦ᠂  ᠪᠠᠶᠠᠠᠪᠤᠯᠠᠭ ᠪᠠᠯᠭᠠᠰᠤ ᠳᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠶᠢᠭᠤᠯᠬᠤ᠂ ᠠᠭᠤᠯᠠᠨ ᠠᠷᠤ ᠳᠤ  ᠦᠯᠵᠡᠢ ᠰᠤᠮᠤ᠂ ᠭᠤᠪᠢ ᠰᠤᠮᠤ ᠨᠡᠮᠡᠵᠦ ᠪᠠᠶᠢᠭᠤᠯᠬᠤ᠂  ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂  ᠤᠶᠢᠯᠡᠳᠪᠤᠷᠢᠯᠡᠯ ᠤᠨ ᠴᠢᠳᠠᠮᠵᠢ ᠶᠢ  ᠬᠦᠭᠡᠨ᠋ᠦ᠋ᠠᠲᠤᠷ ᠪᠠᠯᠭᠠᠰᠤ ᠳᠤ ᠪᠠᠬᠢᠵᠢᠭᠦᠯᠬᠦ᠂ ᠠᠮᠢᠳᠤᠷᠠᠯ ᠤᠨ ᠴᠢᠳᠠᠮᠵᠢ ᠶᠢ  ᠪᠠᠶᠠᠠᠪᠤᠯᠠᠭ ᠪᠠᠯᠭᠠᠰᠤ ᠳᠤ ᠲᠥᠪᠯᠡᠷᠡᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ᠳᠣᠲᠣᠭᠠᠳᠤ ᠭᠠᠳᠠᠭᠠᠳᠤ ᠶᠢ ᠵᠡᠷᠭᠡᠪᠡᠷ ᠠᠬᠢᠭᠤᠯᠵᠤ᠂ ᠨᠡᠶᠢᠭᠡᠮ ᠤᠨ ᠤᠶᠢᠯᠡᠰ ᠢ ᠠᠬᠢᠭᠤᠯᠵᠤ᠂ ᠪᠥᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ ᠠᠳᠬᠤᠵᠤ᠂ ᠬᠤᠸᠠᠩᠭᠠᠩ ᠲᠤᠷᠰᠢᠯᠲᠠ ᠶᠢᠨ ᠰᠤᠷᠭᠠᠭᠤᠯᠢ ᠶᠢᠨ ᠤᠷᠠᠳ ᠤᠨ ᠬᠤᠶᠢᠲᠤ ᠬᠤᠰᠢᠭᠤᠨ ᠤ ᠬᠤᠪᠢᠶᠠᠷᠢ ᠰᠤᠷᠭᠠᠭᠤᠯᠢ ᠶᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠵᠦ᠂ ᠵᠢᠯ ᠤᠨ ᠳᠣᠲᠣᠷ᠎ᠠ 17 ᠪᠠᠭᠰᠢ ᠤᠷᠢᠬᠤ ᠪᠠ ᠬᠡᠰᠡᠭ ᠪᠠᠭᠰᠢ ᠶᠢ ᠰᠠᠯᠭᠠᠨ ᠲᠣᠬᠢᠷᠠᠭᠤᠯᠬᠤ ᠶᠢ ᠪᠡᠶᠡᠯᠡᠭᠦᠯᠵᠦ᠂ ᠪᠠᠭ᠎ᠠ ᠬᠡᠪᠴᠢᠶᠡᠨ ᠤ ᠲᠠᠮᠢᠷ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠪᠠ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ᠪᠠᠯᠠ ᠣᠷᠣᠭᠤᠯᠤᠨ ᠭᠤᠷᠪᠠᠳᠤᠭᠠᠷ ᠬᠡᠤᠬᠡᠳ ᠤᠨ ᠴᠡᠴᠡᠷᠯᠢᠭ ᠢ ᠪᠥᠲᠥᠭᠡᠨ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠤᠯᠤᠰ ᠤᠨ ᠰᠢᠯᠭᠠᠨ ᠠᠪᠬᠤ ᠠᠵᠢᠯ ᠢ ᠰᠠᠶᠢᠲᠤᠷ ᠬᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠡᠷᠡᠰ ᠰᠢᠭᠤᠷᠬᠠᠢ ᠪᠠᠷ ᠠᠬᠢᠭᠤᠯᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠬᠡᠷᠡᠭᠲᠡᠢ᠃ ᠡᠮᠴᠢᠯᠡᠭᠡᠨ ᠤ ᠶᠡᠷᠦᠩᠬᠡᠶᠢᠯᠡᠭᠰᠡᠨ ᠲᠣᠭᠤᠷᠢᠭ ᠢ ᠪᠠᠶᠢᠭᠤᠯᠵᠤ᠂ ᠥᠪᠥᠷ ᠮᠣᠩᠭᠤᠯ ᠤᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠬᠤᠲᠠ ᠶᠢᠨ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠷᠠᠳ ᠣᠯᠠᠨ ᠳᠤ ᠬᠡᠷ ᠤᠨ ᠡᠭᠦᠳᠡᠨ ᠳᠤᠨᠢ ᠴᠢᠨᠠᠷ ᠰᠠᠶᠢᠲᠠᠶ ᠡᠮᠴᠢᠯᠡᠭᠡᠨ ᠤ  ᠤᠶᠢᠯᠡᠴᠢᠯᠡᠭᠡ ᠬᠦᠷᠲᠡᠭᠡᠨ᠎ᠡ ᠃ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠪᠠᠲᠤᠯᠠᠭ᠎ᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠵᠦ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠲᠤᠰᠬᠠᠶ  ᠵᠤᠶᠢᠯ ᠤᠨ ᠠᠪᠤᠷᠠᠨ ᠲᠤᠰᠠᠯᠠᠯᠲᠠ ᠶᠢ ᠨᠢᠭᠡᠳᠦᠯᠲᠡᠶ ᠲᠥᠯᠥᠪᠯᠡᠨ᠎ᠡ᠃ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠭᠡᠳ ᠨᠠᠮ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠳᠠᠮᠵᠢ ᠶᠢᠨ ᠠᠭᠤᠰᠤᠯᠴᠠᠯ ᠢ ᠠᠬᠢᠭᠤᠯᠵᠤ᠂ ᠵᠠᠬᠢᠶᠠᠯᠠᠭ᠎ᠠ ᠶᠢᠨ ᠮᠠᠶ᠋ᠢᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠠᠳᠠᠯ  ᠤᠶᠢᠯᠡᠰ ᠴᠣᠭᠴᠠᠯᠠᠬᠤ ᠶᠢᠨ  ᠰᠠᠭᠤᠷᠢᠨ ᠭᠠᠵᠠᠷ ᠪᠠ ᠠᠳᠠᠯ  ᠤᠶᠢᠯᠡᠰ ᠴᠣᠭᠴᠠᠯᠠᠬᠤ ᠲᠣᠭᠤᠷᠢᠭ ᠢ ᠪᠥᠲᠥᠭᠡᠨ ᠪᠠᠶᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠤᠲᠠ ᠪᠠᠯᠭᠠᠰᠤ ᠶᠢᠨ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ  ᠠᠳᠠᠯ ᠤᠶᠢᠯᠡᠰ ᠴᠣᠭᠴᠠᠯᠠᠨ ᠠᠵᠢᠯ ᠤᠯᠬᠤ ᠶᠢ ᠵᠤᠷᠢᠭᠵᠢᠭᠤᠯᠤᠨ᠎ᠠ᠃         ᠸᠠᠩ ᠶᠢᠨ ᠪᠦᠦ ᠵᠢᠭᠠᠵᠤ ᠭᠠᠷᠭᠠᠭᠰᠠᠨ ᠨᠢ᠂ ᠨᠠᠮ ᠤᠨ ᠪᠠᠶᠢᠭᠤᠯᠤᠯᠲᠠ ᠪᠠᠷ ᠬᠥᠲᠥᠯᠪᠦᠷᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠢᠮᠠᠭᠲᠠ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ᠂ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠴᠦ ᠦᠨᠳᠦᠰᠦ ᠪᠠᠨ ᠪᠠᠲᠤᠳᠬᠠᠨ ᠰᠠᠭᠤᠷᠢ ᠪᠠᠨ ᠪᠠᠬᠢᠵᠢᠭᠦᠯᠬᠦ ᠶᠢ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠢ ᠴᠢᠩᠭ᠎ᠠ ᠪᠣᠳᠠᠲᠠᠶ ᠪᠠᠷ ᠪᠠᠷᠢᠮᠲᠠᠯᠠᠨ᠂ ᠬᠤᠰᠢᠭᠤᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠰᠠᠨ ᠬᠠᠷᠠᠯᠲᠠ ᠶᠢ ᠨᠠᠶᠢᠳᠠᠪᠤᠷᠢᠵᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠤᠶᠢᠯ ᠤᠨ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠨ᠎ᠠ᠃       ᠡᠷᠬᠢᠨ ᠵᠠᠰᠠᠭ ᠤᠨ ᠣᠷᠳᠣᠨ ᠤ ᠶᠡᠷᠦᠩᠬᠡᠶ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠴᠢᠬᠤᠯᠠᠴᠢᠯᠠᠭᠰᠠᠨ ᠨᠢ᠂ ᠡᠭᠦᠷᠭᠡ ᠶᠢᠨ ᠤᠳᠤᠷᠢᠳᠤᠮᠵᠢ ᠶᠢ ᠴᠢᠩᠭᠠᠳᠬᠠᠵᠤ᠂ ᠬᠠᠷᠠᠯᠲᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠪᠥᠬᠦ ᠵᠢᠯ ᠤᠨ ᠡᠯ᠎ᠡ ᠵᠤᠶᠢᠯ ᠤᠨ ᠭᠤᠤᠯ ᠪᠣᠯᠬᠤ ᠠᠵᠤ ᠠᠬᠤᠶ ᠶᠢᠨ  ᠬᠦᠢᠴᠡᠳᠭᠡᠯ ᠲᠤᠭ᠎ᠠ ᠵᠢᠴᠢ ᠡᠭᠦᠷᠭᠡ ᠶᠢᠨ ᠬᠠᠷᠠᠯᠲᠠ ᠶᠢ ᠰᠤᠯᠠᠷᠠᠭᠤᠯᠤᠯ ᠥᠬᠡᠶ ᠲᠣᠭᠲᠠᠭᠠᠵᠤ᠂ ᠴᠠᠭ ᠤᠨ ᠳᠠᠷᠠᠭᠠᠯᠠᠯ ᠤᠨ ᠠᠬᠢᠴᠠ ᠪᠠᠷ ᠭᠠᠵᠠᠷ ᠣᠷᠣᠨ ᠤ  ᠤᠶᠢᠯᠡᠳᠪᠤᠷᠢᠯᠡᠯ ᠤᠨ ᠶᠡᠷᠦᠩᠬᠡᠶ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠡᠳ᠋ ᠤᠨ ᠵᠠᠰᠠᠭ ᠤᠨ ᠣᠷᠣᠯᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠡᠷᠭᠡ ᠡᠯ᠎ᠡ  ᠵᠤᠶᠢᠯ ᠤᠨ ᠠᠵᠢᠯ ᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ  ᠵᠤᠶᠢᠯ ᠤᠨ ᠡᠭᠦᠷᠭᠡ ᠶᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠳᠡᠭᠡᠳᠦ ᠱᠠᠲᠤᠨ ᠤ ᠲᠦᠷᠦᠯ ᠵᠦᠢᠯ ᠤᠨ ᠪᠡᠯᠡ ᠮᠥᠩᠭᠦ ᠤᠯᠬᠤ ᠶᠢ ᠴᠢᠩᠭᠠᠳᠬᠠᠵᠤ᠂ ᠪᠣᠳᠠᠲᠠᠢ ᠳᠤ ᠰᠠᠭᠤᠷᠢᠯᠠᠨ ᠠᠷᠠᠯᠵᠢᠶᠠᠴᠢᠨ ᠤᠷᠢᠵᠤ ᠠᠷᠠᠯᠵᠢᠶᠠᠴᠢᠨ ᠢ ᠶᠡᠬᠡᠪᠡᠷ ᠰᠣᠩᠭᠤᠵᠤ᠂ ᠴᠢᠬᠤᠯᠠ ᠶᠡᠭᠡ ᠲᠦᠷᠦᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠲᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠡᠮᠦᠨᠡᠬᠢ ᠬᠤᠭᠤᠴᠠᠭ᠎ᠠ ᠶᠢ ᠪᠠᠲᠤᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠦᠢᠯᠡᠴᠢᠯᠡᠭᠡ ᠪᠠᠨ ᠴᠢᠩᠭᠠᠳᠬᠠᠵᠤ᠂ ︽ᠬᠥᠮᠦᠨ ᠪᠣᠯᠭᠠᠨ ᠪᠦᠷ ᠬᠤᠳᠠᠯᠳᠤᠭ᠎ᠠ  ᠡᠵᠡᠩᠨᠡᠬᠦ ᠣᠷᠴᠢᠨ ᠲᠣᠭᠤᠷᠢᠨ ︾ ︽ᠶᠠᠪᠤᠳᠠᠯ ᠪᠣᠯᠭᠠᠨ ᠬᠤᠳᠠᠯᠳᠤᠭ᠎ᠠ  ᠡᠵᠡᠩᠨᠡᠬᠦ ᠣᠷᠴᠢᠨ ᠲᠣᠭᠤᠷᠢᠨ ᠳᠤ ᠬᠤᠯᠪᠣᠭᠳᠠᠬᠤ︾ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ 3.0 ᠬᠡᠪᠯᠡᠯ ᠪᠠ ᠬᠤᠲᠠ ᠶᠢᠨ ᠳᠡᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂  ᠪᠦᠬᠦ ᠤᠯᠤᠰ᠂ ᠪᠦᠬᠦ ᠣᠷᠣᠨ ᠤ ᠲᠡᠷᠢᠭᠦᠨ ᠤ ᠬᠢ ᠪᠠᠷ ᠪᠠᠷᠢᠮᠵᠢᠶᠠᠯᠠᠬᠤ᠂  ᠵᠦᠷᠢᠶ᠎ᠠ ᠪᠠᠨ ᠡᠷᠢᠬᠦ᠂  ᠲᠤᠲᠠᠭᠲᠠᠯ ᠢᠶᠠᠨ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠭᠦᠨᠵᠡᠭᠡᠢ ᠠᠬᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠡᠭᠦᠷᠭᠡᠯᠡᠨ ᠠᠵᠢᠯᠯᠠᠵᠤ᠂ ︽ᠲᠠᠪᠤᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠪᠠᠷ ᠠᠵᠠ ᠲᠣᠬᠢᠶᠠᠯ ᠪᠣᠯᠭᠠᠵᠤ᠂ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠲᠠᠯ ᠢᠶᠠᠨ ᠬᠤᠪᠢᠷᠠᠭᠤᠯᠵᠤ᠂ ᠬᠦᠴᠦ ᠪᠠᠨ ᠬᠠᠮᠲᠤᠳᠬᠠᠵᠤ᠂ ᠴᠠᠭᠠᠷᠠᠭᠰᠠᠨ ᠴᠢᠳᠠᠪᠤᠷᠢ ᠪᠠᠨ ᠪᠣᠯᠪᠠᠰᠤᠷᠠᠭᠤᠯᠵᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃        ᠬᠤᠷᠠᠯ ᠳᠡᠭᠡᠷ᠎ᠡ᠂  ᠮᠧᠩ ᠵᠢᠶᠦ᠋ᠨ ᠠᠴᠠ ᠬᠤᠰᠢᠭᠤᠨ ᠤ ᠨᠠᠮ ᠤᠨ ᠬᠤᠷᠢᠶᠠᠨ ᠤ ᠪᠦᠬᠦᠯᠢ ᠴᠣᠭᠴᠠ ᠶᠢᠨ ᠠᠵᠢᠯ ᠪᠣᠯᠤᠨ ᠤᠯᠤᠰ ᠲᠦᠷᠦ ᠬᠠᠤᠯᠢ ᠴᠠᠭᠠᠵᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠠᠯ᠎ᠠ ᠪᠠᠷ ᠪᠣᠳᠠᠲᠠᠢ ᠪᠠᠶᠢᠷᠢᠯᠠᠭᠤᠯᠤᠯᠲᠠ ᠬᠢᠵᠡᠢ᠃         ᠬᠤᠰᠢᠭᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠡᠯ᠎ᠡ ᠳᠡᠳ᠋ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ  ᠭᠡᠪᠴᠢᠶ᠎ᠠ ᠶᠢᠨ ᠠᠵᠢᠯ ᠤᠨ ᠲᠠᠯ᠎ᠠ ᠪᠠᠷ ᠨᠠᠷᠢᠨ ᠨᠢᠭᠲᠠ ᠪᠠᠶᠢᠷᠢᠯᠠᠭᠤᠯᠤᠯᠲᠠ ᠬᠢᠵᠡᠶ᠃         ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠠᠨᠪᠤᠯᠠᠭ ᠪᠠᠯᠭᠠᠰᠤ᠂  ᠶᠢᠨ ᠬᠤᠣ ᠲᠧ ᠪᠠᠷᠠᠭᠠᠨ ᠤ  ᠬᠦᠢᠯᠭᠡᠭᠡᠨ‌‍ᠤ ᠺᠣᠮᠫᠠᠨᠢ ᠵᠡᠷᠭᠡ ᠰᠠᠯᠠᠭ᠎ᠠ ᠮᠥᠴᠢᠷ᠂ ᠰᠤᠮᠤ ᠪᠠᠯᠭᠠᠰᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠲᠣᠰ ᠲᠣᠰ ᠣᠪᠣᠷ ᠢᠶᠠᠨ ᠢᠯᠡᠳᠬᠡᠬᠦ  ᠶᠠᠷᠢᠶ᠎ᠠ ᠲᠠᠯᠪᠢᠪᠠ᠃ 
ᠢᠷᠡᠯᠲᠡ᠄ ᠲᠤᠰ ᠰᠦᠯᠵᠢᠶ᠎ᠠ