ᠪᠠᠶᠠᠨᠨᠠᠭᠤᠷ ᠬᠤᠲᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠤᠨ ᠸᠢᠳᠢᠣ᠋ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/1
           3 ᠳ᠋ᠤᠭᠠᠷ ᠰᠠᠷ᠎ᠠ ᠶᠢᠨ 15 ᠤ ᠡᠳᠦᠷ᠂ ᠪᠠᠶᠠᠨᠨᠠᠭᠤᠷ ᠬᠤᠲᠠ ᠪᠥᠬᠦ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠤᠨ ᠸᠢᠳᠢᠣ᠋ ᠬᠤᠷᠠᠯ ᠢ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠤᠳᠤᠯᠤᠨ ᠪᠠᠶᠢᠷᠢᠯᠠᠭᠤᠯᠤᠭᠰᠠᠨ ᠤ ᠬᠠᠮᠲᠤ ᠬᠠᠮᠢᠶ᠎ᠠ ᠪᠦᠬᠦᠢ ᠤᠳᠤᠷᠢᠳᠬᠤ ᠺᠠᠳ᠋ᠷᠴᠤᠳ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠪᠡ᠃ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ ᠷᠧᠨ ᠢ ᠴᠢᠶᠦ᠋ᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠶᠠᠨ ᠮᠢᠨ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ ᠭᠤᠣᠯ ᠲᠠᠯᠠᠪᠠᠶ ᠳᠤ ᠬᠤᠷᠠᠯ ᠳᠤ ᠣᠷᠣᠯᠴᠠᠪᠠ᠃         ᠬᠤᠷᠠᠯ ᠳᠡᠭᠡᠷ᠎ᠡ᠂ ᠤᠷᠠᠳ ᠤᠨ ᠡᠮᠦᠨᠡᠲᠦ ᠬᠤᠰᠢᠭᠤ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠪᠣᠳᠠᠲᠤ ᠲᠤᠷᠰᠢᠯᠭ᠎ᠠ ᠪᠠ ᠠᠷᠭ᠎ᠠ ᠬᠢᠳᠡᠯ ᠢᠶᠠᠨ ᠲᠠᠨᠢᠯᠴᠠᠭᠤᠯᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠣᠯᠪᠠᠰᠤᠷᠠᠯ ᠥᠷᠨᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠬᠢᠵᠢᠭ ᠲᠤ ᠬᠤᠯᠪᠣᠭᠳᠠᠭᠰᠠᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢᠨ ᠪᠣᠯᠪᠠᠰᠤᠷᠠᠯ ᠢ ᠥᠷᠨᠢᠭᠦᠯᠵᠦ᠂ ᠬᠤᠲᠠ ᠶᠢᠨ ᠵᠢᠯᠤᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠪᠠ ᠲᠠᠬᠤᠯ ᠡᠪᠡᠳᠴᠢᠨ ᠤ ᠪᠠᠶᠢᠴᠠᠭᠠᠯᠲᠠ ᠶᠢᠨ ᠳᠤᠭᠤᠶᠢᠯᠠᠩ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ 15 ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠨᠠᠷᠢᠨ ᠲᠠᠶᠢᠯᠤᠮᠵᠢ ᠬᠢᠵᠡᠢ᠃        ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠨᠴᠠᠭᠠᠢ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠳᠠᠯ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠤᠯᠭᠠᠮᠳᠠᠭᠤ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ︔ ᠤᠳᠠᠭᠠᠨ ᠳᠠᠭᠠᠭᠠᠮᠠᠭᠠᠢ ᠳᠠᠶᠢᠨ ᠬᠢᠬᠦ ᠪᠡᠯᠡᠳᠬᠡᠯ ᠢ ᠭᠦᠢᠴᠡᠳ ᠰᠠᠶᠢᠨ ᠬᠢᠵᠦ᠂ ᠢᠳᠡᠪᠬᠢᠲᠡᠢ ᠣᠪᠣᠷ ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ᠂ ᠭᠤᠷᠢᠳᠠᠬᠤ ᠪᠤᠳᠤᠯ ᠢ ᠡᠷᠡᠰ ᠲᠡᠪᠴᠢᠬᠦ ᠬᠡᠷᠡᠭᠲᠡᠢ︔ ᠭᠤᠣᠯᠳᠠᠯᠭ᠎ᠠ ᠶᠢ ᠳᠤᠪᠤᠶᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠩᠭᠤ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃         ᠡᠯ᠎ᠡ ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ᠂ ᠳᠡᠳ᠋ ᠶᠡᠷᠦᠩᠬᠡᠢ ᠵᠢᠯᠣᠭᠤᠳᠤᠭᠴᠢ᠂ ᠡᠯ᠎ᠡ ᠠᠵᠢᠯᠯᠠᠬᠤ ᠳᠤᠭᠤᠶᠢᠯᠠᠩ᠂ ᠲᠤᠰᠬᠠᠢ ᠠᠩᠭᠢ ᠪᠣᠯᠣᠨ ᠪᠦᠷᠢᠯᠳᠦᠭᠦᠨ ᠨᠢᠭᠡᠴᠢ ᠶᠢᠨ ᠭᠤᠣᠯ ᠬᠠᠷᠢᠭᠤᠴᠠᠯᠭᠠᠲᠠᠳ ᠲᠤᠬᠠᠢ ᠶᠢᠨ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
ᠢᠷᠡᠯᠲᠡ᠄ ᠪᠠᠶᠠᠠᠨᠠᠭᠤᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ