ᠬᠠᠩᠰᠢ ᠶᠢᠨ ᠡᠳᠦᠷ ᠤᠨ ᠪᠣᠯᠪᠠᠰᠤᠨ ᠤ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/4/1
ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠨᠠᠶᠢᠵᠠ ᠨᠠᠷ ᠄      ᠵᠢᠯ ᠤᠨ ᠨᠢᠭᠡ ᠤᠳᠠᠭᠠᠨ ᠤ ᠬᠠᠩᠰᠢ ᠪᠤᠯᠬᠤ ᠲᠠᠰᠢᠷᠡᠮ ᠳᠤ᠂ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠣᠨᠴᠠᠭᠠᠶ ᠴᠠᠭ ᠦᠶ᠎ᠡ ᠳᠤ ᠲᠣᠬᠢᠶᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠷᠣᠰᠢᠭᠤᠯᠭ᠎ᠠ ᠶᠢᠨ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠮᠠᠨ ᠤ ᠬᠤᠰᠢᠭᠤᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠤᠷᠠᠳ ᠤᠨ ᠬᠤᠶᠢᠲᠤ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠨᠴᠠᠭᠠᠶᠢᠯᠠᠨ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄       ᠨᠢᠭᠡ᠂ ᠲᠠᠬᠢᠯᠭ᠎ᠠ ᠶᠢᠨ ᠠᠷᠭ᠎ᠠ ᠶᠢ ᠥᠭᠡᠷᠡᠴᠢᠯᠡᠵᠦ᠂ ᠭᠠᠳᠠᠭᠰᠢ ᠭᠠᠷᠴᠤ ᠴᠤᠭᠯᠠᠷᠠᠬᠤ ᠶᠢ ᠪᠠᠭᠠᠰᠬᠠᠨ᠎ᠠ᠃ ᠣᠳᠣᠬᠠᠨ ᠳᠤ᠂ ᠤᠯᠤᠰ ᠤᠨ ᠳᠣᠲᠣᠭᠠᠳᠤ ᠶᠢᠨ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠬᠥᠮᠦᠰ ᠤᠨ ᠨᠡᠭᠦᠳᠡᠯ ᠪᠠ ᠴᠢᠬᠤᠯᠠ ᠪᠤᠰᠤ ᠴᠤᠭᠯᠠᠷᠠᠯ ᠠᠴᠠ ᠪᠣᠯᠤᠭᠰᠠᠨ ᠬᠢᠵᠢᠭ ᠤᠨ ᠪᠠᠶᠢᠳᠠᠯ ᠲᠠᠬᠢᠨ ᠡᠭᠦᠰᠬᠦ ᠲᠦᠭᠰᠢᠭᠦᠷᠢ ᠶᠢ ᠪᠦᠲᠦᠮᠵᠢᠲᠡᠢ ᠪᠠᠭᠠᠰᠬᠠᠬᠤ ᠶᠢᠨ ᠲᠥᠯᠥᠭᠡ᠂ ᠭᠡᠷ ᠪᠦᠯᠢ ᠪᠠᠷ ᠢᠶᠠᠨ ᠳᠤᠷᠠᠰᠤᠨ ᠰᠠᠨᠠᠭᠠᠯᠵᠠᠬᠤ᠂ ᠰᠦᠯᠵᠢᠶᠡᠨ ᠳᠡᠭᠡᠷ᠎ᠡ ᠳᠠᠬᠢᠯ ᠬᠢᠬᠦ᠂ ᠳᠤᠷᠠᠰᠬᠠᠯ ᠤᠨ ᠮᠣᠳᠣ ᠲᠠᠷᠢᠬᠤ᠂ ᠲᠦᠷᠦᠭᠳᠡᠯ ᠪᠢᠴᠢᠬᠦ ᠵᠡᠷᠭᠡ ᠠᠷᠭ᠎ᠠ ᠬᠡᠯᠪᠡᠷᠢ ᠪᠠᠷ ᠨᠠᠰᠤ ᠪᠠᠷᠠᠭᠰᠠᠨ ᠲᠦᠷᠦᠯ ᠰᠠᠳᠤᠨ ᠢᠶᠠᠨ ᠭᠠᠰᠢᠭᠤᠳᠠᠨ ᠰᠠᠨᠠᠭᠠᠯᠵᠠᠬᠤ ᠶᠢ ᠰᠠᠨᠠᠭᠠᠴᠢᠯᠠᠵᠤ ᠪᠠᠶᠢᠨ᠎ᠠ᠃     ︽ᠪᠠᠶᠠᠨᠨᠠᠭᠤᠷ ᠬᠤᠲᠠ ᠶᠢᠨ ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ  ︹ 2022 ︺ 24 ᠳ᠋ᠣᠭᠡᠷ ᠲᠣᠭᠠᠲᠤ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ ᠴᠤᠭᠯᠠᠷᠠᠬᠤ ᠥᠬᠡᠶ᠂ ᠣᠪᠣᠭᠠᠷᠠᠬᠤ ᠥᠬᠡᠶ᠂ ᠬᠡᠷ ᠪᠦᠯᠢ ᠶᠢᠨ ᠴᠢᠨᠠᠷᠲᠠᠶ ᠲᠠᠬᠢᠯᠭ᠎ᠠ ᠶᠢᠨ ᠠᠵᠢᠯᠯᠠᠭ᠎ᠠ ᠳᠤ ᠣᠷᠣᠯᠴᠠᠬᠤ ᠥᠬᠡᠶ᠂ ᠤᠷᠢᠳᠴᠢᠯᠠᠨ ᠪᠣᠯᠵᠣᠬᠤ᠂ ᠣᠷᠭᠢᠯ ᠵᠥᠷᠢᠭᠦᠯᠦᠨ ᠲᠠᠬᠢᠯᠭ᠎ᠠ ᠶᠢ ᠬᠡᠷᠡᠭᠵᠢᠭᠦᠯᠵᠦ᠂ ᠭᠠᠳᠠᠨ᠎ᠠ ᠪᠠᠶᠢᠭ᠎ᠠ ᠲᠥᠷᠥᠯ ᠰᠠᠳᠤᠨ ᠨᠠᠶᠢᠵᠠ ᠨᠥᠬᠦᠳ ᠨᠤᠲᠤᠭ ᠲᠠᠭᠠᠨ ᠪᠤᠴᠠᠬᠤ ᠥᠬᠡᠶ᠂ ᠣᠷᠣᠨ ᠪᠦᠰᠡ ᠠᠯᠤᠰᠯᠠᠨ ᠲᠠᠬᠢᠯᠭ᠎ᠠ ᠶᠢ ᠬᠢᠬᠦ ᠥᠬᠡᠶ ᠪᠠᠶᠢᠬᠤ ᠶᠢ ᠰᠠᠨᠠᠭᠠᠴᠢᠯᠠᠨ᠂ ᠬᠥᠮᠦᠨ ᠬᠠᠷ᠎ᠠ ᠴᠤᠭᠯᠠᠷᠠᠬᠤ᠂ ᠰᠢᠯᠵᠢᠬᠦ ᠶᠢ ᠪᠦᠲᠦᠮᠵᠢᠲᠡᠶ ᠪᠠᠭᠠᠰᠬᠠᠵᠤ᠂ ᠠᠮᠤᠷ ᠲᠦᠪᠰᠢᠨ ᠪᠣᠯᠪᠠᠰᠤᠨ ᠢᠶᠠᠷ ᠲᠠᠬᠢᠯᠭ᠎ᠠ ᠶᠢᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃       ᠬᠤᠶᠠᠷ᠂ ᠪᠣᠯᠪᠠᠰᠤᠨ ᠢᠶᠠᠷ ᠳᠠᠬᠢᠯᠭ᠎ᠠ ᠬᠢᠬᠦ ᠶᠢ ᠡᠷᠬᠢᠮᠯᠡᠵᠦ᠂ ᠠᠮᠤᠷ ᠲᠦᠪᠰᠢᠨ ᠤ ᠳᠠᠯᠳᠠ ᠭᠡᠮ ᠢ ᠪᠠᠭᠠᠰᠬᠠᠬᠤ ᠬᠡᠷᠡᠭᠲᠡᠶ᠃ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠷᠤᠮᠯᠠᠨ ᠰᠠᠬᠢᠵᠤ᠂ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠪᠤᠶ ᠪᠣᠯᠭᠠᠨ᠂ ᠪᠣᠯᠪᠠᠰᠤᠨ ᠪᠤᠰᠤ ᠲᠠᠬᠢᠯᠭ᠎ᠠ ᠶᠢᠨ ᠬᠡᠯᠪᠡᠷᠢ ᠶᠢ ᠤᠬᠠᠮᠰᠠᠷ ᠠᠴᠠ ᠪᠠᠨ ᠲᠠᠶᠠᠭᠳᠠᠬᠤ ᠬᠡᠷᠡᠭᠲᠡᠶ᠃ ᠭᠠᠯ ᠰᠡᠷᠭᠡᠶᠢᠯᠡᠬᠦ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠦᠭᠡᠢ ᠪᠠᠶᠢᠵᠤ᠂ ᠪᠦᠬᠦ ᠬᠤᠳᠠ ᠶᠢᠨ ᠬᠡᠪᠴᠢᠶᠡᠨ ᠳᠤ  ᠵᠣᠭᠤᠰ᠂  ᠪᠣᠳᠠᠰ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠪᠠᠭᠠᠰᠬᠠᠬᠤ ᠬᠡᠷᠡᠭᠲᠡᠢ᠃ ᠨᠡᠶᠢᠲᠡ ᠶᠢᠨ ᠣᠩᠭᠤᠨ ᠢ ᠱᠦᠭᠦᠷᠳᠡᠬᠦ ᠳᠡᠭᠡᠨ ᠳᠤᠯᠠᠭᠠᠨ ᠢ ᠬᠡᠮᠵᠢᠬᠦ᠂ ᠨᠣᠮᠧᠷ ᠢ ᠰᠢᠯᠭᠠᠬᠤ᠂ ᠠᠮᠠᠪᠴᠢ ᠵᠡᠭᠦᠬᠦ᠂ ᠨᠢᠭᠡ ᠮᠧᠲᠷ ᠤᠨ ᠱᠤᠭᠤᠮ ᠢ ᠪᠠᠲᠤᠯᠠᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠵᠢᠷᠤᠮᠯᠠᠬᠤ ᠬᠡᠷᠡᠭᠲᠡᠶ᠃ ᠳᠠᠬᠢᠯᠭ᠎ᠠ ᠶᠢᠨ ᠴᠠᠭ᠂ ᠵᠠᠮ ᠱᠤᠭᠤᠮ ᠪᠣᠯᠤᠨ ᠠᠶᠠᠯᠠᠯ ᠤᠨ ᠬᠡᠯᠪᠡᠷᠢ ᠶᠢ ᠵᠦᠶ ᠵᠣᠬᠢᠰᠲᠠᠶ ᠲᠣᠬᠢᠷᠠᠭᠤᠯᠵᠤ᠂ ᠠᠶᠠᠯᠠᠯ ᠤᠨ ᠣᠷᠭᠢᠯ ᠦᠶ᠎ᠡ ᠶᠢ ᠵᠥᠷᠢᠭᠦᠯᠦᠨ᠂ ᠠᠮᠤᠷ ᠲᠦᠪᠰᠢᠨ ᠢᠶᠠᠷ ᠠᠶᠠᠯᠠᠨ᠎ᠠ᠃       ᠭᠤᠷᠪᠠ᠂  ᠪᠤᠯᠪᠠᠰᠤᠨ‌‍ᠶᠣᠰᠣᠯᠠᠯ ᠢᠶᠠᠷ ᠣᠷᠣᠰᠢᠭᠤᠯᠬᠤ ᠶᠢ ᠰᠠᠨᠠᠭᠠᠴᠢᠯᠠᠵᠤ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠪᠤᠢ ᠪᠣᠯᠭᠠᠬᠤ ᠬᠡᠷᠡᠭᠲᠡᠶ᠃ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠠᠴᠢᠯᠠᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂  ᠪᠤᠯᠪᠠᠰᠤᠨ ᠶᠣᠰᠣᠯᠠᠯ ᠣᠷᠣᠰᠢᠭᠤᠯᠬᠤ ᠶᠢ ᠰᠠᠨᠠᠭᠠᠴᠢᠯᠠᠨ᠂ ᠠᠮᠢ ᠠᠬᠤᠶ᠂ ᠣᠷᠴᠢᠨ ᠲᠣᠭᠤᠷᠢᠨ ᠢ ᠬᠠᠮᠠᠭᠠᠯᠠᠬᠤ᠂ ᠪᠣᠯᠪᠠᠰᠤᠨ ᠳᠠᠬᠢᠯᠭ᠎ᠠ ᠶᠢᠨ ᠦᠵᠡᠯ ᠤᠬᠠᠮᠰᠠᠷ ᠢ ᠪᠣᠶ ᠪᠣᠯᠭᠠᠵᠤ᠂ ᠣᠷᠣᠰᠢᠭᠤᠯᠭ᠎ᠠ ᠶᠢᠨ ᠮᠠᠭᠤ ᠳᠠᠳᠬᠠᠯ ᠢ ᠠᠷᠢᠯᠭᠠᠨ᠎ᠠ᠃ ᠭᠠᠵᠠᠷ ᠠᠷᠪᠢᠯᠠᠬᠤ ᠠᠮᠢ ᠠᠬᠤᠶ ᠶᠢᠨ ᠣᠷᠣᠰᠢᠭᠤᠯᠭ᠎ᠠ ᠶᠢ ᠬᠡᠷᠡᠭᠵᠢᠭᠦᠯᠦᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠤ ᠳᠠᠬᠢᠯᠭ᠎ᠠ ᠶᠢ ᠰᠠᠨᠠᠭᠠᠴᠢᠯᠠᠵᠤ᠂ ᠠᠮᠢ ᠠᠬᠤᠶ ᠶᠢᠨ ᠪᠣᠯᠪᠠᠰᠤᠨ ᠤ ᠣᠷᠣᠰᠢᠭᠤᠯᠭ᠎ᠠ ᠶᠢᠨ ᠣᠨᠣᠯᠵᠢᠬᠤᠨ ᠢ  ᠤᠶᠢᠯᠡᠲᠤᠯᠭᠡᠵᠢᠬᠦᠯᠤᠨ᠂  ᠴᠡᠴᠡᠭᠲᠦ ᠲᠠᠪᠴᠠᠩ ᠤᠨ ᠣᠷᠣᠰᠢᠭᠤᠯᠭ᠎ᠠ ᠵᠡᠷᠭᠡ ᠣᠷᠣᠰᠢᠭᠤᠯᠭ᠎ᠠ ᠶᠢᠨ ᠠᠷᠭ᠎ᠠ ᠮᠠᠶ᠋ᠢᠭ ᠢ ᠬᠡᠷᠡᠭᠯᠡᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠤᠨ᠎ᠠ᠃ ᠵᠠᠰᠠᠮᠠᠯ ᠵᠠᠮ᠂ ᠲᠡᠮᠦᠷ ᠵᠠᠮ᠂ ᠭᠤᠤᠯ ᠤᠨ ᠵᠠᠮ ᠤᠨ ᠬᠤᠶᠠᠷ ᠬᠠᠵᠠᠭᠤ᠂ ᠲᠠᠷᠢᠶᠠᠨ ᠭᠠᠵᠠᠷ᠂ ᠣᠶ ᠰᠢᠭᠤᠶ ᠡᠪᠡᠰᠦᠲᠦ ᠭᠠᠵᠠᠷ᠂ ᠤᠰᠤᠨ ᠤ ᠡᠬᠢ ᠰᠤᠷᠪᠤᠯᠵᠢ ᠶᠢᠨ ᠭᠠᠵᠠᠷ᠂ ᠠᠵᠤ  ᠤᠶᠢᠯᠡᠳᠪᠤᠷᠢ ᠶᠢᠨ ᠲᠣᠭᠤᠷᠢᠭ᠂ ᠲᠡᠤᠬᠡ ᠶᠢᠨ ᠳᠤᠷᠠᠰᠬᠠᠯᠲᠤ ᠵᠤᠶᠢᠯᠡᠰ ᠤᠨ ᠬᠠᠮᠠᠭᠠᠯᠠᠯᠲᠠ ᠶᠢᠨ ᠣᠷᠣᠨ᠂ ᠵᠢᠭᠤᠯᠴᠢᠯᠠᠯ ᠤᠨ ᠠᠯᠳᠠᠷᠲᠤ ᠦᠵᠡᠮᠵᠢ ᠶᠢᠨ ᠣᠷᠣᠨ᠂ ᠲᠥᠯᠥᠪᠵᠢᠭᠦᠯᠦᠨ ᠪᠥᠲᠥᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠳᠣᠲᠣᠷ᠎ᠠ ᠪᠤᠯᠠᠰᠢᠨ ᠭᠠᠵᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃       ᠲᠦᠷᠪᠡ᠂ ᠬᠠᠭᠤᠴᠢᠨ ᠶᠣᠰᠣ ᠪᠦᠳᠦᠭᠦᠯᠢᠭ ᠵᠠᠩᠰᠢᠯ ᠢᠶᠠᠨ ᠲᠠᠶᠠᠭᠳᠠᠵᠤ᠂ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠤᠨ᠎ᠠ᠃ ᠪᠣᠯᠪᠠᠰᠤᠨ ᠨᠢ ᠰᠡᠳᠬᠢᠯ ᠠᠴᠠ  ᠡᠬᠦᠰᠴᠤ᠂ ᠦᠢᠯᠡᠳᠦᠯᠭᠡᠵᠢᠭᠦᠯᠬᠦ ᠳᠤ ᠦᠢᠯᠡᠳᠦᠯᠭᠡᠵᠢᠭᠦᠯᠳᠡᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠪᠤᠢ ᠪᠣᠯᠭᠠᠬᠤ ᠬᠡᠷᠡᠭᠲᠡᠢ᠃ ᠰᠠᠭᠤᠭᠠᠯᠢ ᠠᠷᠠᠳ ᠤᠨ ᠲᠣᠭᠤᠷᠢᠭ ᠲᠤ ᠴᠢᠨᠳᠠᠷ ᠤᠨ ᠰᠠᠷᠠᠪᠴᠢ ᠪᠠᠶᠢᠭᠤᠯᠬᠤ᠂ ᠬᠡᠩᠭᠡᠷᠭᠡ ᠶᠢᠨ ᠳᠠᠷᠬᠠᠨ ᠬᠡᠷᠡᠭᠯᠡᠬᠦ᠂ ᠪᠡᠯᠪᠡᠰᠦᠷᠡᠯ ᠤᠨ ᠵᠤᠭ᠎ᠠ ᠬᠡᠷᠡᠭᠯᠡᠬᠦ᠂ ᠫᠤᠤᠵᠢᠩ ᠲᠠᠯᠪᠢᠬᠤ ᠶᠢ ᠴᠢᠩᠭ᠎ᠠ ᠴᠠᠭᠠᠵᠠᠯᠠᠵᠤ᠂ ᠬᠥᠮᠦᠰ ᠤᠨ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠶ᠃ ᠴᠠᠭᠠᠰᠤᠨ ᠵᠣᠭᠤᠰ᠂ ᠬᠦᠵᠢ ᠵᠤᠯᠠ ᠰᠢᠲᠠᠭᠠᠬᠤ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠤᠬᠠᠮᠰᠠᠷ ᠠᠴᠠ ᠪᠠᠨ ᠡᠪᠳᠡᠵᠦ᠂ ᠹᠸᠤᠳᠠᠯ ᠤᠨ ᠮᠤᠬᠤᠷ ᠪᠢᠰᠢᠷᠡᠯ ᠤᠨ ᠦᠩᠬᠡ ᠪᠤᠳᠤᠭ ᠲᠠᠢ ᠳᠠᠬᠢᠯᠭ᠎ᠠ ᠶᠢᠨ ᠠᠵᠢᠯᠯᠠᠭ᠎ᠠ ᠶᠢ ᠲᠠᠶᠠᠭᠳᠠᠵᠤ᠂ ᠪᠣᠯᠪᠠᠰᠤᠨ ᠳᠠᠬᠢᠯᠭ᠎ᠠ ᠶᠢᠨ ᠠᠷᠭ᠎ᠠ ᠶᠢ ᠰᠣᠩᠭᠤᠨ ᠭᠠᠰᠢᠭᠤᠳᠠᠯ ᠢᠶᠠᠨ  ᠢᠯᠡᠳᠭᠡᠬᠦ ᠬᠡᠷᠡᠭᠲᠡᠢ᠃       ᠲᠠᠪᠤ᠂ ᠦᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠦᠷᠦᠭᠦᠯᠡᠨ ᠳᠣᠣᠷ᠎ᠠ ᠨᠡᠭᠦᠷᠡᠰᠦᠲᠥ᠋ᠷᠥᠭᠴᠢᠲᠦ ᠳᠠᠬᠢᠯᠭ᠎ᠠ ᠶᠢ ᠭᠦᠢᠴᠡᠳᠬᠡᠵᠦ᠂ ᠪᠣᠯᠪᠠᠰᠤᠨ ᠢᠶᠠᠷ ᠠᠷᠪᠢᠯᠠᠨ ᠭᠠᠮᠨᠠᠵᠤ ᠣᠷᠣᠰᠢᠭᠤᠯᠭ᠎ᠠ ᠶᠢᠨ ᠶᠠᠪᠤᠳᠠᠯ ᠢ ᠭᠦᠢᠴᠡᠳᠬᠡᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠷᠦᠭᠦᠯᠡᠨ ᠠᠬᠢᠭᠤᠯᠵᠤ᠂ ᠪᠣᠯᠪᠠᠰᠤᠨ ᠪᠤᠰᠤ᠂ ᠵᠢᠷᠤᠮᠵᠢᠯ ᠦᠭᠡᠢ ᠳᠠᠬᠢᠯᠭ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠨ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠣᠯᠪᠠᠰᠤᠨ ᠢᠶᠠᠷ ᠳᠠᠬᠢᠯᠭ᠎ᠠ ᠬᠢᠬᠦ᠂ ᠠᠷᠪᠢᠯᠠᠨ ᠭᠠᠮᠨᠠᠵᠤ ᠪᠡᠯᠪᠡᠰᠦᠷᠡᠯ ᠢ ᠵᠠᠰᠠᠬᠤ ᠳᠤᠮᠳᠠ ᠲᠦᠷᠦᠭᠦᠯᠡᠨ ᠵᠢᠱᠢᠶ᠎ᠠ ᠦᠵᠡᠭᠦᠯᠬᠦ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃       ᠪᠣᠯᠪᠠᠰᠤᠨ ᠳᠠᠬᠢᠯᠭ᠎ᠠ ᠳᠤ ᠴᠢ ᠪᠢ ᠪᠤᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠲᠡᠬᠦ ᠲᠠᠯ᠎ᠠ ᠪᠠᠷ  ᠪᠢᠲᠠᠨᠠᠷ ᠬᠠᠮᠲᠤ ᠶᠠᠪᠤᠶ᠎ᠠ᠃ ᠪᠢᠳᠡ ᠭᠠᠷ ᠬᠤᠯᠪᠣᠯᠴᠠᠨ᠂ ᠵᠠᠩ ᠳᠠᠳᠬᠠᠯ ᠢ ᠥᠭᠡᠷᠡᠴᠢᠯᠡᠬᠦ ᠶᠢ ᠢᠳᠡᠪᠬᠢᠲᠡᠶ ᠳᠠᠭᠠᠵᠤ᠂ ᠰᠢᠨ᠎ᠡ ᠰᠤᠷᠲᠠᠯ ᠢ ᠰᠠᠨᠠᠭᠠᠴᠢᠯᠠᠨ᠂ ᠣᠷᠴᠢᠨ ᠲᠣᠭᠤᠷᠢᠨ ᠢ ᠬᠠᠮᠠᠭᠠᠯᠠᠵᠤ᠂ ᠬᠢᠵᠢᠭ ᠤᠨ ᠪᠠᠶᠢᠳᠠᠯ ᠢ ᠬᠠᠮᠲᠤ ᠪᠠᠷ ᠡᠰᠡᠷᠭᠦᠴᠡᠨ᠂ ᠬᠠᠩᠰᠢ ᠶᠢᠨ ᠡᠳᠦᠷ ᠢ ᠨᠠᠩ ᠪᠣᠯᠪᠠᠰᠤᠨ ᠭᠠᠮᠲᠠᠶ᠂ ᠨᠠᠩ ᠪᠣᠬᠢᠷᠲᠤᠯ ᠥᠬᠡᠶ ᠠᠮᠤᠷ ᠲᠦᠪᠰᠢᠨ ᠪᠣᠯᠭᠠᠵᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠵᠡᠭᠡᠶ᠎ᠡ︕              ᠤᠷᠠᠳ ᠤᠨ ᠬᠤᠶᠢᠲᠤ ᠬᠤᠰᠢᠭᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ                  ᠤᠷᠠᠳ ᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ                          2022 ᠣᠨ ᠤ 3 ᠰᠠᠷ᠎ᠠ ᠶᠢᠨ 28  ᠤ ᠡᠲᠤᠷ
ᠢᠷᠡᠯᠲᠡ᠄ ᠲᠤᠰ ᠰᠦᠯᠵᠢᠶ᠎ᠠ