ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/4/11
        4 ᠰᠠᠷ᠎ᠠ ᠶᠢᠨ 10 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠣᠯᠠᠭᠰᠠᠨ 2 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠴᠤ ︵ᠴᠥᠮ ᠲᠦᠩᠯᠢᠶᠣᠣ ᠬᠤᠲᠠ ᠳᠤ ᠪᠤᠢ︶᠂ ᠲᠤᠬᠠᠢ ᠶᠢᠨ ᠭᠠᠵᠠᠷ ᠤᠨ 5 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ︵ᠴᠥᠮ ᠲᠦᠩᠯᠢᠶᠣᠣ ᠬᠤᠲᠠ ᠳᠤ ᠪᠤᠢ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃        4 ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠪᠠᠶᠢᠵᠤ᠂ ᠡᠭᠦᠨ ᠳᠤ ᠬᠥᠬᠡᠬᠤᠲᠠ ᠳᠤ 1᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 4᠂ ᠤᠯᠠᠭᠠᠨᠬᠠᠳᠠ ᠳᠤ 1 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠪᠠᠶᠢᠵᠤ᠂ ᠡᠭᠦᠨ ᠳᠤ ᠬᠥᠬᠡᠬᠤᠲᠠ ᠳᠤ 4᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 2 ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠤᠯᠠᠭᠠᠨᠬᠠᠳᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃        2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 495 ᠪᠠᠶᠢᠵᠤ᠂ ᠡᠭᠦᠨ ᠳᠤ ᠬᠥᠬᠡᠬᠤᠲᠠ ᠳᠤ 436᠂ ᠪᠣᠭᠤᠲᠤ ᠬᠤᠲᠠ ᠳᠤ 25᠂ ᠬᠦᠯᠦᠨ ᠪᠤᠶᠢᠷ ᠬᠤᠲᠠ ᠳᠤ 15᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 9᠂ ᠤᠯᠠᠭᠠᠨᠬᠠᠳᠠ ᠬᠤᠲᠠ ᠳᠤ 1᠂ ᠣᠷᠳᠣᠰ ᠬᠤᠲᠠ ᠳᠤ 3᠂ ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠤᠢ᠃ ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠲᠡᠨ ᠨᠡᠶᠢᠲᠡ 488 ᠪᠠᠶᠢᠨ᠎ᠠ᠂ ᠡᠭᠦᠨ ᠳᠤ ᠬᠥᠬᠡᠬᠤᠲᠠ ᠳᠤ 435᠂ ᠪᠣᠭᠤᠲᠣ ᠬᠤᠲᠠ ᠳᠤ 25᠂ ᠬᠦᠯᠦᠨ ᠪᠤᠶᠢᠷ ᠬᠤᠲᠠ ᠳᠤ 15᠂ ᠲᠦᠩᠯᠢᠶᠣᠣ ᠬᠤᠲᠠ ᠳᠤ 5᠂ ᠣᠷᠳᠣᠰ ᠬᠤᠲᠠ ᠳᠤ 3᠂ ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠤᠢ᠃    
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ