︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ 
ᠨᠡᠶᠢᠲᠡᠯᠡᠭᠰᠡᠨ ᠴᠠᠭ᠄
2022/4/11
         ᠤᠶᠢᠷ᠎ᠠ ᠵᠢᠨ‌ᠡᠳᠦᠷ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠨᠠᠮ ᠤᠨ ᠡᠭᠦᠷ ᠠᠴᠠ ᠪᠥᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ  ᠪᠠᠶᠠᠠᠴᠢᠠᠲᠠᠮᠤᠨᠢ ᠰᠤᠮᠤ ᠳᠤ ᠭᠦᠨᠵᠡᠭᠡᠶᠢᠷᠡᠨ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠵᠢᠴᠢ ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃           ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤᠤ ᠶᠣᠣ  ᠹᠧᠨ ᠡᠩ ᠤᠨ ᠨᠠᠮ ᠤᠨ ᠭᠡᠰᠢᠭᠦᠨ ᠤ ᠬᠤᠪᠢ ᠪᠠᠷ ᠣᠷᠣᠯᠴᠠᠪᠠ᠃ ᠨᠠᠮ ᠤᠨ ᠡᠳᠦᠷ ᠤᠨ ᠠᠵᠢᠯᠯᠠᠭ᠎ᠠ ᠶᠢᠨ ᠣᠨᠴᠠ ᠤᠷᠢᠭᠰᠠᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠪᠠᠶ ᡁᠢ ᠵᠥᠩ ᠣᠷᠣᠯᠴᠠᠵᠠᠶ᠃          ᠪᠠᠶᠠᠨᠴᠢᠨᠳᠠᠮᠤᠨᠢ ᠰᠤᠮᠤᠨ ᠤ ᠪᠠᠶᠠᠨᠭᠤᠣᠯ ᠭᠠᠴᠠᠭ᠎ᠠ ᠳᠤ᠂ ᠬᠤᠤ ᠶᠣᠣ ᠹᠧᠨ ᠮᠥᠩᠬᠡᠪᠠᠭᠠᠲᠤᠷ ᠪᠣᠯᠤᠨ  ᠲᠠᠪᠰᠢᠯᠲᠤ ᠶᠢᠨ ᠭᠡᠷ ᠲᠤ ᠭᠦᠨᠵᠡᠭᠡᠶᠢᠷᠡᠵᠦ᠂ ᠮᠠᠯᠴᠢᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠮᠠᠯᠴᠢᠳ ᠤᠨ ᠪᠡᠯᠴᠢᠭᠡᠷ ᠤᠨ ᠲᠠᠯᠠᠪᠠᠢ᠂ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ᠂ ᠭᠡᠷ ᠪᠦᠯᠢ ᠶᠢᠨ ᠣᠷᠣᠯᠭ᠎ᠠ ᠵᠢᠴᠢ ᠣᠳᠣᠬᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠡᠳᠡᠨ ᠳᠤ ᠲᠣᠬᠤᠨᠢᠭᠤᠯᠬᠤ ᠪᠣᠳᠠᠰ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ ᠬᠤᠤ ᠶᠣᠣ ᠹᠧᠨ ᠰᠤᠮᠤ ᠪᠠᠯᠭᠠᠰᠤ ᠳᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠨ ᠠᠩᠬᠠᠷᠴᠤ᠂ ᠲᠡᠳᠡᠨ ᠤ ᠪᠣᠳᠠᠲᠠᠢ ᠬᠦᠴᠢᠷᠳᠡᠯ ᠢ ᠰᠠᠶᠢᠲᠤᠷ ᠰᠢᠢᠳᠪᠦᠷᠢᠯᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠲᠡᠳᠡᠨ ᠢ ᠠᠮᠤᠷ ᠵᠢᠮᠦᠷ ᠠᠵᠤ ᠲᠦᠷᠦᠵᠤ᠂ ᠬᠢᠯᠢ ᠬᠢᠵᠠᠭᠠᠷ ᠢᠶᠠᠨ ᠠᠮᠤᠷ ᠵᠢᠮᠦᠷ ᠰᠠᠬᠢᠭᠤᠯᠬᠤ ᠬᠡᠷᠡᠭᠲᠡᠢ ᠭᠡᠵᠦ ᠵᠠᠬᠢᠪᠠ᠃         ᠨᠠᠮ ᠤᠨ ᠡᠳᠦᠷ ᠤᠨ ᠠᠵᠢᠯᠯᠠᠭ᠎ᠠ ᠳᠤᠮᠳᠠ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ  ᠾᠥᠸᠧ ᠵᠢᠶᠠᠨ ᠭᠦᠸᠧ  ᠡᠴᠠ‌ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠤᠯ ᠴᠢᠬᠤᠯᠠ ᠠᠭᠤᠯᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠪᠡᠯᠭᠡ ᠲᠡᠮᠳᠡᠭ ᠤᠨ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠣᠭ ᠰᠠᠨᠠᠭ᠎ᠠ ᠡᠭᠦᠷᠭᠡ ᠪᠣᠯᠤᠨ ᠴᠢᠬᠤᠯᠠ ᠶᠡᠭᠡ ᠠᠮᠵᠢᠯᠲᠠ ᠪᠦᠲᠦᠮᠵᠢ ᠶᠢ ᠭᠦᠨᠵᠡᠭᠡᠶ ᠲᠠᠨᠢᠬᠤ ᠵᠡᠷᠭᠡ ᠲᠠᠯ᠎ᠠ ᠪᠠᠷ ᠪᠥᠬᠦ ᠲᠠᠯ᠎ᠠ ᠪᠠᠷ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃ ᠤᠯᠠᠨ ᠢᠶᠠᠷ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃         ᠲᠣᠰ ᠤᠳᠠᠭᠠᠨ ᠤ ᠨᠠᠮ ᠤᠨ ᠡᠳᠦᠷ ᠤᠨ ᠠᠵᠢᠯᠯᠠᠭ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠᠰᠠ ᠪᠠᠶᠠᠠᠴᠢᠠᠲᠠᠮᠤᠨᠢ ᠰᠤᠮᠤ ᠳᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢ ᠬᠠᠮᠤᠷᠤᠭᠰᠠᠨ 200 ᠭᠠᠷᠤᠶ ᠢᠵᠢ ᠨᠣᠮ ᠪᠢᠴᠢᠭ ᠪᠡᠯᠡᠭᠯᠡᠨ ᠬᠦᠷᠭᠡᠭᠰᠡᠨ ᠪᠠᠶᠢᠨ᠎ᠠ᠃                                         ᠰᠤᠷᠪᠤᠯᠵᠢᠯᠠᠭᠴᠢ᠄  ᠤᠯᠠᠭᠠᠨ   ᠵᠠᠩ ᠶᠠ ᠨᠠᠨ                                   ᠤᠶᠢᠯᠡᠲᠦᠭᠴᠢ᠄ ᠲᠤᠩᠭᠠᠯᠠᠭ                                  ᠬᠢᠨᠠᠭᠴᠢ᠄ ᠪᠤᠤ ᠤᠯᠠᠭᠠᠨ
ᠢᠷᠡᠯᠲᠡ᠄ ᠲᠤᠰ ᠰᠦᠯᠵᠢᠶ᠎ᠠ