ᠤᠯᠤᠰ ᠤᠨ ᠢᠶᠠᠨ ᠲᠥᠯᠥᠭᠡ ᠲᠠᠩᠰᠠ ᠲᠡᠮᠳᠡᠭᠯᠡᠵᠦ ᠥᠪᠡᠷ ᠤᠨ ᠢᠶᠠᠨ ᠲᠥᠯᠥᠭᠡ ᠡᠳ᠋ ᠤᠨ ᠶᠠᠪᠤᠳᠠᠯ ᠢ ᠬᠠᠮᠢᠶᠠᠷᠤᠨ᠎ᠠ — — ᠪᠥᠬᠦ ᠬᠤᠰᠢᠭᠤᠨ ᠤ ᠰᠠᠭᠤᠭᠠᠯᠢ ᠠᠷᠠᠳ ᠲᠤ ᠢᠯᠡᠭᠡᠭᠰᠡᠨ ᠵᠠᠬᠢᠳᠠᠯ
ᠨᠡᠶᠢᠲᠡᠯᠡᠭᠰᠡᠨ ᠴᠠᠭ᠄
2022/4/13

 

                           

                   ᠤᠯᠤᠰ ᠤᠨ ᠲᠥᠯᠥᠭᠡ ᠳᠠᠩᠰᠠ ᠲᠡᠮᠳᠡᠭᠯᠡᠵᠦ ᠥᠪᠡᠷ ᠤᠨ ᠢᠶᠠᠨ ᠲᠥᠯᠥᠭᠡ ᠡᠳ᠋ ᠤᠨ ᠶᠠᠪᠤᠳᠠᠯ ᠢ ᠬᠠᠮᠢᠶᠠᠷᠬᠤ 

                               — — ᠪᠥᠬᠦ ᠬᠤᠰᠢᠭᠤᠨ ᠤ ᠰᠠᠭᠤᠭᠠᠯᠢ ᠠᠷᠠᠳ ᠲᠤ ᠢᠯᠡᠭᠡᠭᠰᠡᠨ ᠵᠠᠬᠢᠳᠠᠯ 

           ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠤᠭ᠎ᠠ

ᠪᠦᠷᠢᠳᠬᠡᠯ ᠤᠨ ᠠᠵᠢᠯ ᠢ ᠳᠡᠭᠡᠳᠦ  ᠬᠡᠮᠵᠢᠶ᠎ᠠ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠤᠯᠠᠨ

ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠲᠤᠭ᠎ᠠ ᠪᠦᠷᠢᠳᠬᠡᠯ ᠤᠨ ᠦᠢᠯᠡᠰ ᠤᠨ ᠬᠥᠭᠵᠢᠯᠲᠡ ᠶᠢᠨ ᠴᠢᠭᠯᠡᠯ᠂

ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠶᠢ ᠨᠠᠷᠢᠨ ᠲᠣᠳᠣᠷᠬᠠᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ

ᠬᠢᠬᠦ ᠳᠤ ᠦᠵᠡᠯ ᠰᠠᠨᠠᠭᠠᠨ ᠤ ᠰᠠᠭᠤᠷᠢ᠂ ᠬᠥᠭᠵᠢᠯᠲᠡ ᠶᠢᠨ ᠬᠠᠷᠠᠯᠲᠠ ᠪᠣᠯᠤᠨ ᠠᠵᠢᠯᠯᠠᠭᠠᠨ ᠤ ᠪᠠᠷᠢᠮᠵᠢᠶ᠎ᠠ ᠶᠢ ᠲᠣᠭᠲᠠᠭᠠᠭᠰᠠᠨ ᠪᠠᠶᠢᠨ᠎ᠠ᠃ ᠨᠠᠮ ᠤᠨ ᠠᠷᠪᠠ

ᠶᠢᠰᠦᠳᠦᠭᠡᠷ ᠶᠡᠭᠡ ᠬᠤᠷᠠᠯ ᠠᠴᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ

ᠰᠠᠶᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠳᠤᠷᠠᠳᠴᠠᠢ᠃ ᠪᠦᠬᠦ ᠤᠯᠤᠰ ᠤᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠪᠣᠯ ᠤᠯᠤᠰ ᠤᠨ ᠬᠠᠤᠯᠢ ᠪᠠᠷ

ᠲᠣᠭᠲᠠᠭᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠦᠢᠯ ᠪᠠᠶᠢᠵᠤ᠂ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ᠂ ᠶᠠᠳᠠᠭᠤ ᠬᠦᠴᠢᠷᠳᠡᠯ ᠢ ᠬᠢᠨᠠᠨ

ᠬᠡᠮᠵᠢᠬᠦ᠂ ᠬᠥᠯᠥᠰᠥᠨ ᠠᠵᠢᠯᠴᠢᠨ ᠵᠡᠷᠭᠡ ᠶᠢᠨ ᠴᠢᠬᠤᠯᠠ ᠪᠠᠶᠢᠴᠠᠭᠠᠯᠲᠠ ᠶᠢᠨ ᠡᠭᠦᠷᠭᠡ ᠶᠢ ᠡᠭᠦᠷᠭᠡᠯᠡᠵᠦ᠂ ᠰᠠᠭᠤᠭᠠᠯᠢ ᠠᠷᠠᠳ ᠤᠨ ᠭᠡᠷ ᠪᠦᠯᠢ ᠶᠢᠨ ᠣᠷᠣᠯᠭ᠎ᠠ

ᠵᠠᠷᠤᠯᠭ᠎ᠠ᠂ ᠦᠢᠯᠡᠳᠪᠦᠷᠢᠯᠡᠯ ᠠᠵᠢᠯ ᠣᠯᠭᠤᠯᠲᠠ᠂ ᠰᠤᠷᠭᠠᠨ ᠬᠥᠮᠦᠵᠢᠯ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠵᠢᠴᠢ ᠣᠷᠣᠨ ᠰᠠᠭᠤᠴᠠ ᠶᠢᠨ ᠨᠥᠬᠦᠴᠡᠯ ᠵᠡᠷᠭᠡ

ᠴᠢᠬᠤᠯᠠ ᠮᠡᠳᠡᠭᠡ ᠵᠠᠩᠭᠢ ᠶᠢ ᠰᠢᠭᠤᠳ ᠴᠤᠭᠯᠠᠭᠤᠯᠵᠤ᠂ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠪᠠᠶᠢᠴᠠᠭᠠᠯᠲᠠ ᠪᠣᠯᠤᠨ᠎ᠠ

᠃ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂

ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠲᠤᠰᠬᠠᠬᠤ ᠰᠠᠭᠤᠷᠢ ᠴᠢᠨᠠᠷᠲᠠᠢ ᠭᠦᠢᠴᠡᠳᠬᠡᠯ ᠲᠤᠭ᠎ᠠ ᠮᠥᠨ᠂ ᠡᠯ᠎ᠡ

ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠴᠢᠬᠤᠯᠠ ᠦᠨᠳᠦᠰᠦᠯᠡᠯ ᠮᠥᠨ

᠃ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠶᠡᠭᠡ ᠥᠯᠢᠭᠡᠷ ᠢ ᠡᠭᠡᠯᠵᠢᠯᠡᠨ ᠰᠣᠯᠢᠬᠤ ᠪᠣᠯ ᠥᠯᠢᠭᠡᠷ ᠤᠨ ᠲᠥᠯᠥᠭᠡᠯᠡᠬᠦ ᠴᠢᠨᠠᠷ ᠢ ᠪᠠᠲᠤᠯᠠᠬᠤ ᠶᠢᠨ ᠵᠠᠶᠢᠯᠠᠰᠢ ᠥᠬᠡᠶ

ᠬᠡᠷᠡᠭᠴᠡᠭᠡ ᠮᠥᠨ᠂ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃

︽ᠰᠠᠭᠤᠭᠠᠯᠢ ᠡᠷᠦᠬᠡ ᠳᠤ ᠪᠠᠶᠢᠴᠠᠭᠠᠯᠲᠠ ᠬᠢᠬᠦ ᠲᠣᠮᠣ ᠵᠠᠭᠪᠤᠷ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢ ︵ᠥᠪᠥᠷ ᠵᠠᠰᠠᠭ ᠠᠯᠪᠠᠨ ᠥᠰᠥᠭ 〔 2021 〕 108

ᠳ᠋ᠤᠭᠠᠷ ᠲᠣᠭᠠᠲᠤ︶ ︽ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠬᠤᠲᠠ ᠶᠢᠨ ᠰᠠᠭᠤᠭᠠᠯᠢ ᠡᠷᠦᠬᠡ ᠳᠤ ᠪᠠᠶᠢᠴᠠᠭᠠᠯᠲᠠ

ᠬᠢᠬᠦ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠪᠠᠶᠠᠨᠨᠠᠭᠤᠷ ᠠᠯᠪᠠᠨ ᠥᠰᠥᠭ 〔 2022 〕9 ᠳ᠋ᠦᠭᠡᠷ

ᠲᠣᠭᠠᠲᠤ︶ ︽ᠪᠥᠬᠦ ᠬᠤᠰᠢᠭᠤᠨ ᠤ ᠰᠠᠭᠤᠭᠠᠯᠢ ᠡᠷᠦᠬᠡ ᠳᠤ ᠪᠠᠶᠢᠴᠠᠭᠠᠯᠲᠠ ᠬᠢᠬᠦ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠲᠤᠬᠠᠶ

ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠤᠯᠠᠭᠠᠨᠴᠠᠪ ᠠᠯᠪᠠᠨ ᠥᠰᠥᠭ 〔2022〕12

ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠨᠢ᠂ ᠮᠠᠨ ᠤ ᠬᠤᠰᠢᠭᠤ 2022 ᠣᠨ ᠳᠤ ᠰᠢᠨ᠎ᠡ ᠨᠢᠭᠡ ᠡᠭᠡᠯᠵᠢ ᠶᠢᠨ ᠰᠠᠭᠤᠭᠠᠯᠢ ᠡᠷᠦᠬᠡ ᠶᠢᠨ

ᠪᠠᠶᠢᠴᠠᠭᠠᠯᠲᠠ ᠶᠢᠨ ᠲᠣᠮᠣ ᠵᠠᠭᠪᠤᠷ ᠢ ᠡᠭᠡᠯᠵᠢᠯᠡᠨ ᠰᠣᠯᠢᠬᠤ ᠠᠵᠢᠯ ᠢ ᠥᠷᠨᠢᠭᠦᠯᠬᠦ ᠪᠠᠷ ᠪᠣᠶ᠃

         ᠲᠣᠰ ᠤᠳᠠᠭᠠᠨ ᠤ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠶᠡᠭᠡ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠨᠢ ᠭᠤᠤᠯᠳᠠᠭᠤ ᠰᠠᠭᠤᠭᠠᠯᠢ

ᠡᠷᠦᠬᠡ ᠶᠢᠨ ᠲᠥᠷᠥᠯ ᠤᠨ ᠪᠠᠶᠢᠴᠠᠭᠠᠯᠲᠠ ᠳᠤ ᠨᠠᠷᠢᠯᠢᠭ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠲᠥᠯᠥᠭᠡᠯᠡᠬᠦ ᠴᠢᠨᠠᠷ ᠢᠶᠠᠷ ᠰᠠᠶᠢᠨ᠂ 5 ᠵᠢᠯ

ᠲᠣᠭᠲᠠᠭᠤᠨ ᠢᠶᠠᠷ ᠬᠡᠷᠡᠭᠯᠡᠵᠦ ᠳᠡᠶᠢᠯᠬᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠤᠨ ᠡᠯ᠎ᠡ ᠲᠠᠰ

ᠳᠠᠪᠬᠤᠷᠭ᠎ᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠷᠠᠭᠠᠯᠵᠠᠭᠰᠠᠨ ᠥᠯᠢᠭᠡᠷ ᠡᠳ᠋ ᠢ

ᠰᠣᠩᠭᠤᠨ ᠭᠠᠷᠭᠠᠬᠤ ᠶᠢᠨ ᠲᠥᠯᠥᠭᠡ ᠶᠤᠮ᠃ ᠨᠢᠭᠡᠳᠦᠯᠲᠡᠶ ᠲᠣᠬᠢᠷᠠᠭᠤᠯᠤᠯᠲᠠ ᠪᠠᠷ᠂ ᠲᠣᠰ ᠤᠳᠠᠭᠠᠨ ᠤ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ

2022 ᠣᠨ ᠤ 11 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠵᠤ᠂ 12 ᠰᠠᠷ᠎ᠠ ᠠᠴᠠ ᠡᠬᠢᠯᠡᠨ ᠰᠢᠨ᠎ᠡ ᠨᠢᠭᠡ ᠡᠭᠡᠯᠵᠢ ᠶᠢᠨ ᠪᠠᠶᠢᠴᠠᠭᠠᠯᠲᠠ ᠶᠢᠨ ᠥᠯᠢᠭᠡᠷ

ᠡᠳ᠋ ᠢ ᠡᠬᠢᠯᠡᠵᠦ ᠬᠡᠷᠡᠭᠯᠡᠨ᠎ᠡ᠃ ᠲᠤᠰ ᠤᠳᠠᠭ᠎ᠠ ᠶᠢᠨ ᠦᠯᠢᠭᠡᠷ ᠢ ᠡᠭᠡᠯᠵᠢᠯᠡᠭᠦᠯᠬᠦ ᠳᠤ ᠰᠢᠨᠵᠢᠯᠡᠬᠦ ᠤᠬᠠᠭᠠᠨᠴᠢ ᠦᠯᠢᠭᠡᠷ ᠠᠪᠴᠤ ᠪᠠᠶᠢᠴᠠᠭᠠᠬᠤ ᠠᠷᠭ᠎ᠠ ᠶᠢ ᠬᠡᠷᠡᠭᠯᠡᠵᠦ᠂

ᠮᠠᠨ ᠤ ᠬᠤᠰᠢᠭᠤᠨ ᠠᠴᠠ ᠬᠡᠰᠡᠭ ᠰᠠᠭᠤᠭᠠᠯᠢ ᠠᠷᠠᠳ ᠤᠨ ᠲᠠᠩᠰᠠ ᠲᠡᠮᠳᠡᠭᠯᠡᠬᠦ᠂ ᠬᠥᠮᠦᠨ ᠪᠦᠷᠢ ᠶᠢᠨ ᠲᠠᠩᠰᠠ ᠲᠡᠮᠳᠡᠭᠯᠡᠬᠦ ᠲᠤᠭ᠎ᠠ ᠪᠠᠷᠢᠮᠲᠠ ᠶᠢ ᠰᠣᠩᠭᠤᠨ

ᠬᠡᠷᠡᠭᠯᠡᠬᠦ ᠨᠢ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠬᠤᠯᠠ ᠠᠴᠢ

ᠬᠤᠯᠪᠣᠭᠳᠠᠯ ᠲᠠᠢ ᠶᠤᠮ᠂ ᠬᠥᠮᠦᠨ ᠪᠦᠷᠢ ᠶᠢᠨ ᠲᠠᠩᠰᠠ ᠲᠡᠮᠳᠡᠭᠯᠡᠬᠦ ᠠᠷᠠᠳ ᠢᠷᠭᠡᠳ ᠤᠨ ᠬᠠᠤᠯᠢ ᠪᠠᠷ ᠲᠣᠭᠲᠠᠭᠠᠭᠰᠠᠨ ᠡᠭᠦᠷᠭᠡ ᠶᠢ ᠰᠠᠶᠢᠲᠤᠷ ᠬᠦᠢᠴᠡᠳᠬᠡᠵᠤ᠂

ᠲᠣᠰ ᠪᠠᠶᠢᠴᠠᠭᠠᠯᠲᠠ ᠳᠤ ᠢᠳᠡᠪᠬᠢᠲᠡᠶ ᠣᠷᠣᠯᠴᠠᠵᠤ᠂ ᠪᠠᠶᠢᠴᠠᠭᠠᠯᠲᠠ ᠶᠢᠨ ᠱᠠᠭᠠᠷᠳᠠᠯᠭ᠎ᠠ ᠪᠠ ᠠᠭᠤᠯᠭ᠎ᠠ ᠶᠢᠨ ᠶᠣᠰᠣᠭᠠᠷ ᠬᠡᠷ ᠪᠦᠯᠢ ᠶᠢᠨ ᠪᠠᠶᠢᠳᠠᠯ ᠢ ᠵᠦᠢᠯ

ᠳᠠᠷᠠᠭᠠᠯᠠᠨ ᠨᠠᠷᠢᠨ ᠬᠢᠨᠠᠮᠠᠭᠠᠶ ᠲᠠᠭᠯᠠᠨ ᠲᠡᠮᠳᠡᠭᠯᠡᠬᠦ ᠶᠢ ᠬᠦᠰᠡᠵᠦ ᠪᠠᠶᠢᠨ᠎ᠠ᠃ 

                     

                  ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠷᠠᠳ ᠤᠨ ᠬᠤᠶᠢᠳᠤ ᠬᠤᠰᠢᠭᠤᠨ ᠤ  ᠪᠠᠶᠢᠴᠠᠭᠠᠬᠤ ᠲᠤᠭᠤᠶᠢᠯᠠᠩ

                                                2022 ᠣᠨ ᠤ  4 ᠰᠠᠷ᠎ᠠ  ᠶᠢᠨ 7

 

ᠢᠷᠡᠯᠲᠡ᠄ ᠥᠨᠥᠳᠦᠷ ᠤᠨ ᠤᠷᠠᠳ ᠤᠨ ᠬᠤᠶᠢᠲᠤ ᠬᠤᠰᠢᠭᠤ