《ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ | ᠢᠨᠵᠧᠨᠧᠷᠢᠩ》 ᠰᠢᠷᠢᠰ ᠠᠵᠢᠯᠲᠠᠨ ᠤᠷᠢᠵᠤ ᠡᠯᠰᠡᠬᠦ ᠬᠤᠷᠠᠯ | ᠵᠢᠴᠢ 《ᠣᠶᠤᠲᠠᠳ ᠢ ᠰᠠᠭᠤᠷᠢᠰᠢᠭᠤᠯᠬᠤ ᠲᠥᠯᠥᠪᠯᠡᠭᠡ 》 | ᠡᠬᠢᠯᠡᠪᠡ ᠪᠣᠣ ᠭᠠᠩ ᠴᠢ᠊ ᠪᠠᠲᠤ ᠡᠬᠢᠯᠡᠯᠲᠡ ᠶᠢᠨ | ᠶᠣᠰᠣᠯᠠᠯ ᠳᠤ ᠣᠷᠣᠯᠴᠠᠵᠠᠢ | | | | 4 ᠰᠠᠷ᠎ᠠ ᠶᠢᠨ 16 ᠡᠳᠦᠷ᠂ ᠬᠥᠬᠡᠬᠤᠲᠠ ᠶᠢᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠥᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠬᠠᠮᠲᠤᠷᠠᠨ ᠡᠷᠬᠢᠯᠡᠭᠰᠡᠨ | 《ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ | ᠢᠨᠵᠧᠨᠧᠷᠢᠩ 》 ᠰᠢᠷᠢᠰ ᠠᠵᠢᠯᠲᠠᠨ ᠤᠷᠢᠵᠤ ᠡᠯᠰᠡᠬᠦ | ᠠᠵᠢᠯᠯᠠᠭ᠎ᠠ ᠵᠢᠴᠢ 《ᠣᠶᠤᠲᠠᠳ ᠢ ᠰᠠᠭᠤᠷᠢᠰᠢᠭᠤᠯᠬᠤ | ᠲᠥᠯᠥᠪᠯᠡᠭᠡ》ᠵᠢᠩᠬᠢᠨᠢ ᠪᠠᠷ ᠡᠬᠢᠯᠡᠵᠦ᠂ 1200 ᠭᠠᠷᠤᠢ ᠬᠥᠮᠥᠨ | ᠬᠡᠷᠡᠭᠯᠡᠬᠦ ᠨᠢᠭᠡᠴᠢ 2.24 ᠲᠦᠮᠡᠨ ᠠᠵᠢᠯ ᠤᠨ ᠪᠠᠶᠢᠷᠢ | ᠬᠠᠩᠭᠠᠵᠤ᠂ ᠰᠦᠯᠵᠢᠶᠡᠨ ᠳᠡᠭᠡᠷ᠎ᠡ ᠲᠡᠷᠡ ᠳᠠᠷᠤᠢ ᠳᠤᠨᠢ | ᠠᠵᠢᠯᠲᠠᠨ ᠤᠷᠢᠵᠤ ᠡᠯᠰᠡᠬᠦ ᠠᠵᠢᠯ ᠢ ᠡᠬᠢᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ | ᠬᠤᠷᠢᠶᠠᠨ ᠤ ᠱᠦᠵᠢ ᠪᠣᠣ ᠭᠠᠩ᠂ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ ᠴᠢ᠊ ᠪᠠᠲᠤ ᠡᠬᠢᠯᠡᠯᠲᠡ ᠶᠢᠨ | ᠶᠣᠰᠣᠯᠠᠯ ᠳᠤ ᠣᠷᠣᠯᠴᠠᠭᠰᠠᠨ ᠪᠥᠭᠡᠳ ᠥᠪᠥᠷ ᠮᠣᠩᠭᠤᠯ ᠤᠨ ᠶᠡᠭᠡ | ᠰᠤᠷᠭᠠᠭᠤᠯᠢ ᠵᠡᠷᠭᠡ ᠬᠥᠬᠡᠬᠤᠲᠠ ᠳᠤ ᠪᠠᠶᠢᠭ᠎ᠠ 7 ᠶᠡᠭᠡ | ᠳᠡᠭᠡᠳᠦ ᠰᠤᠷᠭᠠᠭᠤᠯᠢ ᠶᠢᠨ ᠪᠠᠶᠢᠭᠤᠯᠤᠭᠰᠠᠨ | 《ᠬᠥᠬᠡᠬᠤᠲᠠ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠣᠶᠤᠲᠠᠳ ᠤᠨ ᠠᠵᠢᠯ ᠣᠯᠭᠤᠵᠤ ᠦᠢᠯᠡᠰ ᠪᠣᠰᠬᠠᠬᠤ | ᠦᠢᠯᠡᠴᠢᠯᠡᠭᠡᠨ ᠤ ᠠᠵᠢᠯ ᠤᠨ ᠥᠷᠲᠡᠭᠡ》 ᠳᠤ ᠫᠠᠶᠢᠰᠠ | ᠣᠯᠭᠤᠵᠠᠢ᠃ | ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ | ᠲᠠᠯᠠᠪᠠᠢ ᠳᠤ 6 ᠲᠣᠭᠤᠷᠢᠭ ᠭᠠᠷᠭᠠᠵᠤ᠂ ᠠᠵᠢᠯ ᠣᠯᠭᠤᠵᠤ ᠦᠢᠯᠡᠰ | ᠪᠣᠰᠬᠠᠬᠤ ᠲᠥᠷᠥ ᠶᠢᠨ ᠪᠣᠳᠣᠯᠭ᠎ᠠ᠂ ᠴᠢᠳᠠᠪᠤᠷᠢᠲᠠᠨ ᠢ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠬᠥᠳᠡᠯᠦᠩᠭᠦᠢ | ᠪᠠᠶᠢᠳᠠᠯ ᠵᠢᠴᠢ ᠣᠶᠢᠷ᠎ᠠ ᠶᠢᠨ ᠵᠢᠯ ᠤᠨ ᠲᠤᠷᠰᠢᠬᠢ | ᠬᠥᠬᠡᠬᠤᠲᠠ ᠶᠢᠨ ᠣᠶᠤᠲᠠᠳ ᠤᠨ ᠰᠢᠨ᠎ᠡ ᠶᠢ ᠡᠭᠦᠳᠦᠨ ᠦᠢᠯᠡᠰ | ᠪᠣᠰᠬᠠᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠵᠡᠷᠭᠡ | ᠲᠠᠯ᠎ᠠ ᠪᠠᠷ ᠣᠯᠣᠭᠰᠠᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠪᠠ ᠳᠠᠪᠠᠭᠤᠯᠢᠭ ᠲᠥᠷᠥᠯ ᠵᠦᠢᠯ ᠢ ᠳᠡᠯᠭᠡᠨ | ᠦᠵᠡᠭᠦᠯᠪᠡ᠃ ᠰᠦᠯᠵᠢᠶᠡᠨ ᠳᠡᠭᠡᠷ᠎ᠡ ᠠᠭᠤᠯᠵᠠᠨ ᠵᠥᠪᠳᠡᠯᠴᠡᠬᠦ᠂ | ᠲᠤᠰᠬᠠᠢ ᠰᠡᠳᠦᠪᠲᠦ ᠣᠨᠴᠠᠯᠢᠭᠲᠤ ᠰᠢᠭᠤᠳ ᠨᠡᠪᠲᠡᠷᠡᠭᠦᠯᠭᠡ | ᠬᠢᠬᠦ᠂ ᠲᠤᠬᠠᠢ ᠶᠢᠨ ᠲᠠᠯᠠᠪᠤᠷ ᠲᠤᠨᠢ ᠤᠲᠠᠰᠤ ᠪᠠᠷ | ᠬᠠᠷᠢᠯᠴᠠᠬᠤ ᠠᠵᠢᠯᠯᠠᠭ᠎ᠠ ᠥᠷᠨᠢᠭᠦᠯᠵᠦ᠂ ᠡᠯ᠎ᠡ ᠲᠥᠷᠥᠯ ᠤᠨ | ᠠᠵᠢᠯ ᠣᠯᠭᠤᠵᠤ ᠦᠢᠯᠡᠰ ᠪᠣᠰᠬᠠᠬᠤ ᠠᠰᠠᠭᠤᠳᠠᠯ ᠳᠤ ᠴᠠᠭ | ᠲᠤᠬᠠᠢ ᠳᠤᠨᠢ ᠬᠠᠷᠢᠭᠤᠯᠲᠠ ᠥᠭᠴᠦ᠂ ᠠᠵᠢᠯ ᠡᠷᠢᠭᠰᠡᠳ ᠪᠠ ᠠᠵᠤ | ᠠᠬᠤᠶᠢᠯᠠᠯ ᠳᠤ ᠰᠦᠯᠵᠢᠶᠡᠨ ᠳᠡᠭᠡᠷ᠎ᠡ ᠨᠡᠪᠲᠡᠷᠡᠯᠴᠡᠬᠦ《 | ᠡᠭᠦᠯᠡᠨ ᠬᠥᠭᠦᠷᠭᠡ 》 ᠶᠢ ᠪᠠᠶᠢᠭᠤᠯᠵᠤ ᠥᠭᠪᠡ᠃ | 《 ᠠᠷᠪᠠᠨ ᠲᠦᠮᠡᠨ ᠣᠶᠤᠲᠠᠳ ᠢ ᠬᠥᠬᠡᠬᠤᠲᠠ ᠳᠤ ᠦᠯᠡᠳᠡᠭᠡᠬᠦ | ᠢᠨᠵᠧᠨᠧᠷᠢᠩ》 ᠤᠨ ᠰᠢᠷᠢᠰ ᠠᠵᠢᠯᠲᠠᠨ ᠤᠷᠢᠵᠤ ᠡᠯᠰᠡᠬᠦ ᠬᠤᠷᠠᠯ | ᠵᠢᠴᠢ 《 ᠣᠶᠤᠲᠠᠳ ᠢ ᠰᠠᠭᠤᠷᠢᠰᠢᠭᠤᠯᠬᠤ ᠲᠥᠯᠥᠪᠯᠡᠭᠡ》ᠶᠢ | ᠡᠬᠢᠯᠡᠭᠦᠯᠦᠭᠰᠡᠨ ᠤ ᠳᠠᠷᠠᠭ᠎ᠠ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠣᠷᠣᠨ ᠤ ᠲᠥᠪ ᠬᠤᠲᠠ ᠶᠢᠨ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠳᠠᠪᠤᠷᠢᠲᠠᠨ | ᠴᠤᠭᠯᠠᠷᠠᠭᠰᠠᠨ ᠳᠠᠪᠠᠭᠤᠯᠢᠭ ᠢ ᠭᠦᠢᠴᠡᠳ ᠠᠰᠢᠭᠯᠠᠨ᠂ ᠣᠷᠣᠨ ᠤ | ᠲᠥᠪ ᠤᠨ ᠠᠵᠤ ᠦᠢᠯᠡᠰ ᠤᠨ ᠬᠥᠭᠵᠢᠯᠲᠡ ᠪᠠ ᠬᠥᠮᠥᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠪᠥᠬᠦ | ᠵᠢᠯ ᠳᠤ ᠰᠦᠯᠵᠢᠶᠡᠨ ᠳᠡᠭᠡᠷᠡᠬᠢ᠂ ᠪᠣᠳᠠᠲᠤ ᠴᠣᠭᠴᠠ ᠶᠢᠨ ᠡᠯ᠎ᠡ | ᠲᠥᠷᠥᠯ ᠤᠨ ᠲᠤᠰᠬᠠᠢ ᠠᠵᠢᠯᠲᠠᠨ ᠡᠯᠰᠡᠬᠦ ᠬᠤᠷᠠᠯ᠂ ᠬᠤᠣᠰ | ᠵᠥᠪᠳᠡᠯᠴᠡᠭᠡᠷ ᠤᠨ ᠬᠤᠷᠠᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠶᠢᠨ ᠬᠠᠮᠲᠤ ᠵᠢᠯ ᠤᠨ ᠡᠴᠦᠰ | ᠪᠣᠯᠲᠠᠯ᠎ᠠ ᠦᠷᠭᠦᠯᠵᠢᠯᠡᠨ᠂ ᠡᠯ᠎ᠡ ᠲᠥᠷᠥᠯ ᠤᠨ ᠬᠥᠮᠥᠨ | ᠬᠡᠷᠡᠭᠯᠡᠬᠦ ᠨᠢᠭᠡᠴᠢ ᠪᠠ ᠶᠡᠭᠡ ᠳᠡᠭᠡᠳᠦ ᠰᠤᠷᠭᠠᠭᠤᠯᠢ | ᠲᠡᠭᠦᠰᠦᠭᠰᠡᠨ ᠣᠶᠤᠲᠠᠳ ᠤᠨ ᠬᠠᠩᠭᠠᠯᠭ᠎ᠠ ᠬᠡᠷᠡᠭᠴᠡᠭᠡ ᠶᠢ | ᠵᠥᠪ ᠣᠨᠣᠪᠴᠢᠲᠠᠢ ᠪᠠᠷ ᠵᠣᠯᠭᠠᠭᠤᠯᠬᠤ ᠲᠠᠪᠴᠠᠩ ᠢ | ᠪᠠᠶᠢᠭᠤᠯᠤᠨ᠎ᠠ᠃ ᠪᠠᠰᠠ 《 ᠠᠵᠢᠯ ᠤᠨ ᠪᠠᠶᠢᠷᠢ ᠪᠠᠷ | ᠵᠠᠮᠴᠢᠯᠠᠬᠤ》᠂ 《 ᠣᠷᠣᠨ ᠤ ᠲᠥᠪ ᠲᠠᠢ ᠰᠡᠳᠬᠢᠯ ᠵᠢᠷᠦᠬᠡ ᠪᠠᠨ | ᠬᠤᠯᠪᠣᠬᠤ》᠂ 《 ᠲᠦᠮᠡᠨ ᠠᠵᠢᠯ ᠤᠨ ᠪᠠᠶᠢᠷᠢ ᠳᠤ ᠠᠵᠢᠯᠲᠠᠨ | ᠤᠷᠢᠵᠤ ᠡᠯᠰᠡᠬᠦ》᠂ 《 ᠤᠤᠭᠠᠯ ᠡᠭᠦᠳᠦᠯᠲᠡ ᠳᠤ ᠵᠠᠮᠴᠢᠯᠠᠨ | ᠲᠤᠰᠠᠯᠠᠬᠤ 》᠂ 《 ᠡᠷᠳᠡᠮᠲᠡᠨ ᠮᠡᠷᠭᠡᠳ ᠢ ᠤᠷᠢᠵᠤ ᠣᠶᠣᠨ | ᠤᠬᠠᠭᠠᠨ ᠢ ᠴᠤᠭᠯᠠᠭᠤᠯᠬᠤ 》᠂ 《 ᠤᠷ᠎ᠠ ᠴᠢᠳᠠᠪᠤᠷᠢ ᠶᠢ | ᠳᠡᠭᠡᠭᠰᠢᠯᠡᠭᠦᠯᠬᠦ 》᠂ 《 ᠦᠨᠳᠦᠰᠦᠨ ᠱᠠᠲᠤᠨ ᠳᠤ ᠥᠰᠦᠨ | ᠪᠣᠶᠢᠵᠢᠬᠤ》᠂ 《 ᠦᠢᠯᠡᠴᠢᠯᠡᠭᠡ ᠪᠠᠷ ᠰᠢᠯᠢᠳᠡᠭ ᠢ ᠡᠭᠦᠳᠬᠦ》 | ᠨᠠᠢᠮᠠᠨ ᠶᠡᠭᠡ ᠠᠵᠢᠯᠯᠠᠭ᠎ᠠ ᠶᠢ ᠭᠤᠣᠯᠳᠠᠯᠭ᠎ᠠ ᠲᠠᠢ | ᠥᠷᠨᠢᠭᠦᠯᠵᠦ᠂ 3 ᠵᠢᠯ ᠳᠤ 10 ᠲᠦᠮᠡᠨ ᠣᠶᠤᠲᠠᠨ ᠢ ᠬᠥᠬᠡᠬᠤᠲᠠ ᠳᠤ | ᠦᠯᠡᠳᠡᠭᠡᠬᠦ᠂ ᠬᠥᠬᠡᠬᠤᠲᠠ ᠳᠤ ᠢᠷᠡᠵᠦ ᠰᠢᠨ᠎ᠡ ᠶᠢ ᠡᠭᠦᠳᠦᠨ | ᠦᠢᠯᠡᠰ ᠪᠣᠰᠬᠠᠬᠤ ᠶᠢ ᠪᠡᠶᠡᠯᠡᠭᠦᠯᠬᠦ ᠪᠣᠯᠣᠨ᠎ᠠ᠃ | | | |