ᠮᠠᠨ ᠤ ᠣᠷᠣᠨ 47.7 ᠳ᠋ᠦᠩᠰᠢᠭᠤᠷ ᠲᠥᠭᠦᠷᠢᠭ ᠤᠨ ᠵᠢᠵᠢᠭ ᠪᠢᠴᠢᠯ ᠠᠵᠤ ᠠᠬᠤᠶᠢᠯᠠᠯ ᠤᠨ ᠪᠠᠷᠢᠴᠠᠭ᠎ᠠ ᠦᠯᠡᠳᠡᠭᠡᠵᠦ ᠭᠠᠶᠢᠯᠢ ᠪᠤᠴᠠᠭᠠᠬᠤ ᠪᠡᠯᠡ ᠮᠥᠩᠭᠦ ᠶᠢ ᠠᠶᠢᠮᠠᠭ ᠬᠤᠲᠠ ᠬᠤᠰᠢᠭᠤ ᠰᠢᠶᠠᠨ ᠳᠤ ᠰᠠᠯᠭᠠᠨ ᠥᠭᠪᠡ
  
2022/4/19
         ᠥᠨᠥᠬᠡᠨ᠂ ᠪᠠᠷᠢᠴᠠᠭ᠎ᠠ ᠦᠯᠡᠳᠡᠭᠡᠵᠦ ᠭᠠᠶᠢᠯᠢ ᠪᠤᠴᠠᠭᠠᠬᠤ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ ᠵᠠᠰᠠᠭ ᠤᠨ ᠶᠠᠮᠤᠨ ᠤ ᠪᠠᠶᠢᠷᠢᠯᠠᠭᠤᠯᠤᠯᠲᠠ ᠶᠢ ᠴᠤᠤᠷᠢᠶᠠᠲᠤᠨ ᠳᠠᠭᠠᠵᠤ᠂ ᠬᠠᠮᠤᠭ ᠤᠨ ᠲᠡᠷᠢᠭᠦᠨ ᠳᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠬᠠᠷᠢᠯᠴᠠᠵᠤ ᠪᠦᠬᠦ ᠣᠷᠣᠨ ᠤ ᠪᠠᠷᠢᠴᠠᠭ᠎ᠠ ᠦᠯᠡᠳᠡᠭᠡᠵᠦ ᠭᠠᠶᠢᠯᠢ ᠪᠤᠴᠠᠭᠠᠬᠤ ᠪᠠᠶᠢᠳᠠᠯ ᠢ ᠡᠵᠡᠮᠰᠢᠬᠦ ᠶᠢᠨ ᠬᠠᠮᠲᠤ ᠪᠠᠷᠢᠴᠠᠭ᠎ᠠ ᠦᠯᠡᠳᠡᠭᠡᠵᠦ ᠭᠠᠶᠢᠯᠢ ᠪᠤᠴᠠᠭᠠᠬᠤ ᠪᠡᠯᠡ ᠮᠥᠩᠭᠦ ᠶᠢ ᠰᠢᠭᠤᠳ ᠬᠦᠷᠭᠡᠬᠦ ᠪᠡᠯᠡ ᠮᠥᠩᠭᠦ ᠶᠢᠨ ᠬᠠᠮᠢᠶᠠᠷᠤᠯᠲᠠ ᠳᠤ ᠣᠷᠣᠭᠤᠯᠬᠤ ᠪᠠ ᠲᠤᠰᠠᠭᠠᠷ ᠰᠢᠯᠵᠢᠭᠦᠯᠦᠨ ᠥᠭᠬᠦ ᠱᠠᠭᠠᠷᠳᠠᠯᠭ᠎ᠠ ᠶᠣᠰᠣᠭᠠᠷ᠂ ᠠᠩᠬᠠᠳᠠᠭᠴᠢ ᠪᠦᠯᠦᠭ ᠵᠢᠵᠢᠭ ᠪᠢᠴᠢᠯ ᠠᠵᠤ ᠠᠬᠤᠶᠢᠯᠠᠯ ᠤᠨ ᠪᠠᠷᠢᠴᠠᠭ᠎ᠠ ᠦᠯᠡᠳᠡᠭᠡᠵᠦ ᠭᠠᠶᠢᠯᠢ ᠪᠤᠴᠠᠭᠠᠬᠤ 47.7 ᠳ᠋ᠦᠩᠰᠢᠭᠤᠷ ᠲᠥᠭᠦᠷᠢᠭ ᠤᠨ ᠲᠤᠰᠬᠠᠢ ᠪᠡᠯᠡ ᠮᠥᠩᠭᠦ ᠶᠢ ᠬᠤᠶᠠᠷ ᠤᠳᠠᠭ᠎ᠠ ᠬᠤᠪᠢᠶᠠᠨ ᠪᠦᠬᠦᠨ ᠢ ᠠᠶᠢᠮᠠᠭ ᠬᠤᠲᠠ ᠬᠤᠰᠢᠭᠤ ᠰᠢᠶᠠᠨ ᠤ ᠤᠯᠤᠰ ᠤᠨ ᠬᠥᠮᠥᠷᠭᠡ ᠳᠤ ᠪᠠᠭᠤᠯᠭᠠᠵᠤ᠂ ᠡᠳ᠋ ᠤᠨ ᠵᠠᠰᠠᠭ ᠤᠨ ᠶᠠᠮᠤᠨ ᠤ ᠱᠠᠭᠠᠷᠳᠠᠭᠰᠠᠨ ᠰᠢᠯᠵᠢᠭᠦᠯᠦᠨ ᠥᠭᠬᠦ ᠠᠬᠢᠴᠠ ᠠᠴᠠ ᠤᠷᠢᠲᠠᠵᠤ᠂ ᠭᠠᠶᠢᠯᠢ ᠪᠤᠴᠠᠭᠠᠭᠰᠠᠨ ᠪᠡᠯᠡ ᠮᠥᠩᠭᠦ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠦᠷᠭᠡᠨ ᠬᠦᠷᠭᠡᠬᠦ ᠶᠢ ᠦᠨᠡᠨ ᠬᠦ ᠪᠠᠲᠤᠯᠠᠪᠠ᠃

         ᠶᠡᠭᠡ ᠬᠡᠪᠴᠢᠶᠡᠨ ᠤ ᠥᠷᠲᠡᠭ ᠨᠡᠮᠡᠭᠳᠡᠯ ᠤᠨ ᠪᠠᠷᠢᠴᠠᠭ᠎ᠠ

ᠦᠯᠡᠳᠡᠭᠡᠵᠦ ᠭᠠᠶᠢᠯᠢ ᠪᠤᠴᠠᠭᠠᠬᠤ ᠲᠥᠷᠥ ᠶᠢᠨ ᠪᠣᠳᠣᠯᠭ᠎ᠠ ᠶᠢ

ᠬᠡᠷᠡᠭᠵᠢᠭᠦᠯᠬᠦ ᠨᠢ ᠨᠠᠮ ᠤᠨ ᠲᠥᠪ ᠬᠤᠷᠢᠶ᠎ᠠ᠂ ᠲᠥᠷᠥ ᠶᠢᠨ

ᠶᠠᠪᠤᠳᠠᠯ ᠤᠨ ᠬᠤᠷᠢᠶᠠᠨ ᠤ ᠡᠨᠡ ᠵᠢᠯ ᠤᠨ ᠴᠢᠬᠤᠯᠠ

ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ

ᠪᠠᠶᠢᠵᠤ᠂ ᠬᠤᠷᠸ᠎ᠠ ᠠᠵᠤ ᠠᠬᠤᠢ ᠶᠢᠨ ᠶᠡᠭᠡ ᠪᠠᠶᠢᠳᠠᠯ ᠢ

ᠲᠣᠭᠲᠠᠪᠤᠷᠢᠵᠢᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ

ᠰᠢᠢᠳᠪᠦᠷᠢᠯᠡᠬᠦ ᠳᠤ ᠬᠦᠴᠦᠨ ᠨᠡᠮᠡᠷᠢᠯᠡᠬᠦ

ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠪᠠᠷᠢᠴᠠᠭ᠎ᠠ

ᠦᠯᠡᠳᠡᠭᠡᠵᠦ ᠭᠠᠶᠢᠯᠢ ᠪᠤᠴᠠᠭᠠᠬᠤ ᠪᠡᠯᠡ ᠮᠥᠩᠭᠦ ᠶᠢᠨ

ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ

ᠬᠢᠵᠦ᠂ ᠤᠯᠤᠰ ᠤᠨ ᠬᠥᠮᠥᠷᠭᠡ ᠳᠤ ᠦᠯᠡᠳᠡᠭᠡᠭᠰᠡᠨ ᠭᠦᠢᠴᠡᠳ

ᠪᠡᠯᠡ ᠮᠥᠩᠭᠦ ᠶᠢ ᠭᠠᠶᠢᠯᠢ ᠪᠤᠴᠠᠭᠠᠬᠤ ᠳᠤ ᠬᠡᠷᠡᠭᠯᠡᠬᠦ ᠶᠢ

ᠦᠨᠡᠨ ᠬᠦ ᠪᠠᠲᠤᠯᠠᠵᠤ᠂ ᠭᠠᠶᠢᠯᠢ ᠪᠤᠴᠠᠭᠠᠬᠤ ᠲᠥᠷᠥ ᠶᠢᠨ

ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢᠨ

ᠭᠤᠣᠯᠳᠠᠯᠭ᠎ᠠ ᠶᠢᠨ ᠳᠤᠮᠳᠠᠬᠢ ᠭᠤᠣᠯᠳᠠᠯᠭ᠎ᠠ ᠪᠣᠯᠣᠨ᠎ᠠ᠃

ᠪᠡᠯᠡ ᠮᠥᠩᠭᠦ ᠰᠠᠯᠭᠠᠨ ᠥᠭᠬᠦ ᠠᠬᠢᠴᠠ ᠶᠢ ᠲᠦᠷᠭᠡᠳᠬᠡᠬᠦ ᠶᠢᠨ

ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ

ᠲᠢᠩᠬᠢᠮ ᠨᠢ ᠪᠠᠷᠢᠴᠠᠭ᠎ᠠ ᠦᠯᠡᠳᠡᠭᠡᠵᠦ ᠭᠠᠶᠢᠯᠢ ᠪᠤᠴᠠᠭᠠᠬᠤ

ᠲᠥᠯᠥᠪᠯᠡᠭᠡ ᠶᠢ ᠳᠡᠭᠡᠭᠰᠢ ᠮᠡᠳᠡᠭᠦᠯᠬᠦ ᠵᠢᠴᠢ ᠪᠡᠯᠡ

ᠮᠥᠩᠭᠦ ᠶᠢ ᠤᠷᠢᠳᠴᠢᠯᠠᠨ ᠰᠠᠯᠭᠠᠨ ᠥᠭᠬᠦ ᠲᠣᠭᠲᠠᠴᠠ ᠶᠢ

ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡ

ᠮᠥᠩᠭᠦ ᠶᠢ ᠰᠢᠯᠵᠢᠭᠦᠯᠦᠨ ᠥᠭᠬᠦ ᠶᠢᠨ ᠰᠠᠭᠠᠳ ᠦᠭᠡᠢ ᠵᠠᠮ ᠢ

ᠨᠡᠭᠡᠭᠡᠪᠡ᠃ ᠭᠠᠶᠢᠯᠢ ᠪᠤᠴᠠᠭᠠᠬᠤ ᠪᠡᠯᠡ ᠮᠥᠩᠭᠦ ᠶᠢᠨ

ᠭᠠᠶᠢᠯᠢ ᠶᠢᠨ ᠳᠤᠮᠳᠠ ᠡᠵᠡᠯᠡᠬᠦ ᠬᠤᠪᠢ ᠶᠢᠨ ᠵᠢᠩ ᠨᠢ

ᠨᠡᠯᠢᠶᠡᠳ ᠥᠨᠳᠥᠷ ᠪᠤᠶᠤ ᠲᠣᠮᠣ ᠠᠵᠤ ᠠᠬᠤᠶᠢᠯᠠᠯ ᠤᠨ ᠶᠡᠭᠡ

ᠬᠡᠪᠴᠢᠶ᠎ᠡ ᠪᠠᠷ ᠭᠠᠶᠢᠯᠢ ᠪᠤᠴᠠᠭᠠᠬᠤ ᠭᠠᠵᠠᠷ ᠣᠷᠣᠨ ᠳᠤ

ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ

ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠭᠠᠶᠢᠯᠢ

ᠪᠤᠴᠠᠭᠠᠬᠤ ᠤᠯᠠᠨ ᠵᠦᠢᠯ ᠤᠨ ᠭᠡᠨᠡᠳᠲᠡ ᠶᠢᠨ

ᠱᠠᠭᠠᠷᠳᠠᠯᠭ᠎ᠠ ᠶᠢ ᠠᠷᠭᠠᠴᠠᠭᠠᠨ᠎ᠠ᠃ ᠡᠯ᠎ᠡ ᠭᠠᠵᠠᠷ ᠤᠨ

ᠪᠠᠷᠢᠴᠠᠭ᠎ᠠ ᠦᠯᠡᠳᠡᠭᠡᠵᠦ ᠭᠠᠶᠢᠯᠢ ᠪᠤᠴᠠᠭᠠᠬᠤ ᠠᠵᠢᠯ ᠢ

ᠰᠠᠶᠢᠲᠤᠷ ᠬᠢᠬᠦ ᠶᠢ ᠳᠡᠮᠵᠢᠭᠰᠡᠨ ᠰᠠᠭᠤᠷᠢᠨ ᠳᠡᠭᠡᠷ᠎ᠡ᠂

ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠵᠢᠴᠢ

ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠡᠭᠡ ᠪᠠᠶᠢᠭ᠎ᠠ

ᠪᠠᠶᠢᠳᠠᠯ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ

ᠡᠳ᠋ ᠤᠨ ᠵᠠᠰᠠᠭ ᠤᠨ ᠲᠢᠩᠬᠢᠮ ᠦᠨᠳᠦᠰᠦᠨ ᠱᠠᠲᠤᠨ ᠤ ᠡᠳ᠋ ᠤᠨ

ᠵᠠᠰᠠᠭ ᠤᠨ ᠬᠥᠮᠥᠷᠭᠡ ᠶᠢᠨ ᠵᠣᠭᠤᠰ ᠤᠨ ᠠᠵᠢᠯᠯᠠᠭᠠᠨ ᠤ

ᠪᠠᠶᠢᠳᠠᠯ ᠢ ᠨᠢᠭᠲᠠ ᠠᠩᠬᠠᠷᠴᠤ᠂ ᠭᠠᠶᠢᠯᠢ ᠪᠤᠴᠠᠭᠠᠬᠤ ᠪᠡᠯᠡ

ᠮᠥᠩᠭᠦ᠂ ᠰᠢᠭᠤᠳ ᠬᠦᠷᠭᠡᠬᠦ ᠪᠡᠯᠡ ᠮᠥᠩᠭᠦ ᠪᠠ ᠪᠤᠰᠤᠳ

ᠰᠢᠯᠵᠢᠭᠦᠯᠦᠨ ᠥᠭᠬᠦ ᠪᠡᠯᠡ ᠮᠥᠩᠭᠦ ᠶᠢᠨ

ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ᠂ ᠦᠨᠳᠦᠰᠦᠨ

ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ

ᠦᠨᠡᠨ ᠬᠦ ᠪᠠᠲᠤᠳᠬᠠᠪᠠ᠃    

 

 

          