| | 4 ᠰᠠᠷ᠎ᠠ ᠶᠢᠨ 18 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ | ᠲᠣᠳᠤᠯᠠᠭᠰᠠᠨ ᠡᠪᠡᠳᠴᠢᠨ ᠵᠢᠱᠢᠶ᠎ᠡ 1 ︵ᠨᠡᠶᠢᠰᠯᠡᠯ ᠤᠨ ᠨᠢᠰᠭᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠭᠡᠯ ᠠᠴᠠ ᠬᠦᠬᠡᠬᠤᠳᠠ ᠶᠢᠨ ᠴᠠᠭᠠᠨ | ᠰᠤᠪᠤᠷᠭ᠎ᠠ ᠨᠢᠰᠭᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠨᠡᠮᠡᠭᠳᠡᠵᠡᠢ᠃ ᠲᠤᠬᠠᠢ ᠶᠢᠨ ᠭᠠᠵᠠᠷ ᠤᠨ 1 ᠲᠣᠳᠤᠯᠠᠭᠰᠠᠨ ᠡᠪᠡᠳᠴᠢᠨ ᠤ ᠵᠢᠱᠢᠶ᠎ᠡ ︵ | ᠲᠦᠩᠯᠢᠶᠣᠣ ᠳᠤ︶ ᠢᠯᠡᠷᠢᠰᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ 1 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ︵ᠲᠦᠩᠯᠢᠶᠣᠣ ᠳᠤ | ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ 4 ᠰᠠᠷ᠎ᠠ ᠶᠢᠨ 18 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠲᠣ ᠪᠠᠶᠢᠭ᠎ᠠ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 7 ᠪᠠᠶᠢᠵᠦ᠂ ᠡᠬᠦᠨ ᠳᠤ ᠬᠢᠩᠭᠠᠨ ᠠᠶᠢᠮᠠᠭ ᠲᠤ 2᠂ | ᠤᠯᠠᠭᠠᠨᠬᠠᠳᠠ ᠳᠤ 3᠂ ᠪᠠᠶᠠᠨᠨᠠᠭᠤᠷ ᠬᠤᠲᠠ ᠳᠤ 2 ᠪᠤᠢ᠃ ᠳᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠬᠴᠢ 10 ᠪᠠᠶᠢᠵᠤ᠂ | ᠡᠭᠦᠨ ᠳᠤ ᠬᠦᠬᠡᠬᠤᠳᠠ ᠳᠤ 1᠂ ᠬᠢᠩᠭᠠᠨ ᠳᠤ 8᠂ ᠦᠬᠠᠢ ᠳᠤ 1 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ | 2 ᠪᠠᠶᠢᠵᠤ᠂ ᠡᠭᠦᠨ ᠳᠤ ᠬᠦᠬᠡᠬᠤᠳᠠ ᠳᠤ 1᠂ ᠤᠯᠠᠭᠠᠨᠬᠠᠳᠠ ᠳᠤ 1 ᠪᠣᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ | ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ | ᠰᠡᠷᠭᠡᠶᠢᠯᠡᠵᠦ ᠪᠤᠢ᠃ | |