ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/4/22

        4 ᠰᠠᠷ᠎ᠠ ᠶᠢᠨ 11 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ

ᠵᠢᠱᠢᠶ᠎ᠡ 1 ︵ᠤᠯᠠᠭᠠᠨᠬᠠᠳᠠ ᠬᠤᠲᠠ ᠳᠤ ᠪᠤᠢ︶ ᠨᠡᠮᠡᠭᠳᠡᠵᠡᠢ᠃ ᠲᠤᠬᠠᠢ ᠶᠢᠨ ᠭᠠᠵᠠᠷ ᠤᠨ ᠲᠣᠳᠤᠯᠠᠭᠰᠠᠨ 1 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ

ᠭᠠᠷᠴᠤ ︵ᠲᠦᠩᠯᠢᠶᠣᠣ ᠬᠤᠲᠠ ᠳᠤ ᠪᠤᠢ︶᠂ ᠲᠤᠬᠠᠢ ᠶᠢᠨ ᠭᠠᠵᠠᠷ ᠤᠨ 3 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ︵ᠴᠦᠮ ᠬᠦᠬᠡᠬᠤᠳᠠ ᠳᠤ ᠪᠤᠢ︶

 ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃

       4 ᠰᠠᠷ᠎ᠠ ᠶᠢᠨ 11 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠶ ᠶᠢᠨ

ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 7 ᠪᠠᠶᠢᠵᠦ᠂ ᠡᠬᠦᠨ ᠳᠤ ᠬᠥᠬᠡᠬᠤᠲᠠ ᠳᠤ 1᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 3᠂

ᠤᠯᠠᠭᠠᠨᠬᠠᠳᠠ ᠳᠤ 2 ᠪᠤᠢ᠃ ᠳᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠬᠴᠢ 4 ᠪᠠᠶᠢᠵᠤ᠂ ᠡᠭᠦᠨ ᠳᠤ ᠬᠦᠬᠡᠬᠤᠳᠠ ᠳᠤ 1᠂

ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 2 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1 ︵

ᠤᠯᠠᠭᠠᠨᠬᠠᠳᠠ ᠬᠤᠲᠠ ᠳᠤ︶ ᠪᠣᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ

ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃

 

 

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ