ᠥᠪᠦᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/4/22

  

        4 ᠰᠠᠷ᠎ᠠ ᠶᠢᠨ 14 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ

ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠦ ︵ᠴᠥᠮ ᠪᠠᠶᠠᠨᠨᠠᠭᠤᠷ ᠬᠤᠲᠠ ᠳᠤ ᠪᠤᠢ︶᠂ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ

ᠦᠭᠡᠢ ᠬᠠᠯᠳᠠᠪᠤᠷᠢᠯᠠᠭᠳᠠᠭᠴᠢ 2 ᠨᠡᠮᠡᠭᠳᠡᠪᠡ ︵ᠴᠥᠮ ᠬᠢᠩᠭᠠᠨ ᠠᠶᠢᠮᠠᠭ ᠲᠤ ᠪᠤᠢ︶᠃

        4 ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ

ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 9 ᠪᠠᠶᠢᠵᠤ᠂ ᠡᠭᠦᠨ ᠳᠤ ᠬᠥᠬᠡᠬᠤᠲᠠ ᠳᠤ 1᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 3᠂

ᠤᠯᠠᠭᠠᠨᠬᠠᠳᠠ ᠬᠤᠲᠠ ᠳᠤ 2᠂ ᠪᠠᠶᠠᠨᠨᠠᠭᠤᠷ ᠬᠤᠲᠠ ᠳᠤ 2 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 9 ᠪᠠᠶᠢᠵᠤ᠂

ᠡᠭᠦᠨ ᠳᠤ ᠬᠢᠩᠭᠠᠨ ᠠᠶᠢᠮᠠᠭ ᠲᠤ 6᠂ ᠲᠦᠩᠯᠢᠶᠣᠣ ᠬᠤᠲᠠ ᠳᠤ 2᠂ ᠦᠬᠠᠢ ᠬᠤᠲᠠ ᠳᠤ 1 ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ

ᠲᠣᠳᠤᠯᠠᠭᠰᠠᠨ ᠡᠪᠡᠳᠴᠢᠨ ᠤ ᠵᠢᠱᠢᠶ᠎ᠡ 1 ︵ᠤᠯᠠᠭᠠᠨᠬᠠᠳᠠ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂

ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ

ᠰᠡᠷᠭᠡᠶᠢᠯᠡᠵᠦ ᠪᠤᠢ᠃

    

ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ