ᠸᠠᠩ ᠯᠢ ᠰᠢᠶᠠ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠰᠡᠳᠦᠪᠲᠦ ᠲᠤᠬᠢᠷᠠᠭᠤᠯᠤᠯᠳᠠ ᠶᠢᠨ ᠬᠤᠷᠠᠯ ᠳᠡᠭᠡᠷ᠎ᠡ ᠲᠦᠷᠭᠡᠨ ᠪᠠᠶᠢᠬᠤ ᠶᠢ ᠲᠡᠷᠢᠭᠦᠨ ᠳᠤ ᠲᠠᠯᠪᠢᠵᠤ ᠲᠦᠷᠭᠡᠨ ᠬᠦᠳᠡᠯᠦᠯᠴᠡᠨ ᠲᠦᠷᠬᠡᠨ ᠲᠠᠷᠬᠠᠨ ᠲᠡᠯᠬᠡᠷᠡᠬᠦ ᠶᠢ ᠬᠤᠷᠢᠬᠯᠠᠵᠤ ᠬᠠᠮᠤᠭ ᠤᠨ ᠣᠬᠤᠷ ᠬᠤᠭᠤᠴᠠᠭ᠎ᠠ ᠬᠠᠮᠤᠭ ᠤᠨ ᠡᠷᠡᠰ ᠰᠢᠭᠤᠷᠬᠠᠢ ᠠᠵᠢᠯᠯᠠᠭ᠎ᠠ ᠪᠠᠷ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠬᠡᠯᠬᠢᠶ᠎ᠡ ᠶᠢ ᠡᠷᠡᠰ ᠲᠠᠰᠤᠯᠬᠤ ᠬᠡᠷᠡᠭᠳᠠᠢ ᠭᠡᠵᠦ ᠴᠢᠬᠤᠯᠠᠴᠢᠯᠠᠪᠠ
  
2022/4/25
       4 ᠰᠠᠷ᠎ᠠ ᠶᠢᠨ 24  ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠸᠠᠩ ᠯᠢ ᠰᠢᠶᠠ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠰᠡᠳᠦᠪᠲᠦ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠰᠣᠨᠣᠰᠴᠤ᠂ ᠠᠷᠭᠠᠴᠠᠭᠠᠨ ᠰᠢᠢᠳᠪᠦᠷᠢᠯᠡᠬᠦ ᠠᠵᠢᠯ ᠢ ᠪᠠᠶᠢᠷᠢᠯᠠᠭᠤᠯᠪᠠ᠃       ᠬᠤᠷᠠᠯ ᠳᠡᠭᠡᠷ᠎ᠡ᠂ ᠸᠠᠩ ᠯᠢ ᠰᠢᠶᠠ ᠬᠥᠯᠥᠨ ᠪᠣᠶᠢᠷ ᠬᠤᠲᠠ ᠶᠢᠨ ᠬᠢᠨ ᠲᠠᠢ ᠸᠢᠳᠢᠣ᠋ ᠪᠠᠷ ᠬᠠᠷᠢᠯᠴᠠᠵᠤ᠂ ᠮᠠᠨᠵᠤᠤᠷ ᠬᠤᠲᠠ ᠶᠢᠨ ᠪᠥᠭᠡᠮ ᠬᠦᠴᠢᠯ ᠤᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ ᠬᠢᠵᠤ ᠡᠬᠢ ᠰᠤᠷᠪᠤᠯᠵᠢ ᠶᠢ ᠨᠢ ᠮᠦᠷᠳᠡᠬᠦ᠂ ᠵᠣᠬᠢᠶᠠᠨ ᠪᠠᠶᠢᠭᠤᠯᠵᠤ ᠳᠠᠶᠢᠴᠢᠯᠠᠬᠤ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠶ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃       ᠸᠠᠩ ᠯᠢ ᠰᠢᠶᠠ᠂ ᠨᠢᠭᠡ ᠭᠡᠨᠡᠳᠡᠪᠡᠯ ᠨᠢᠭᠡ ᠤᠬᠠᠭᠠᠷᠠᠨ᠎ᠠ᠂ ᠥᠩᠭᠡᠷᠡᠭᠰᠡᠨ ᠤ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠲᠤᠷᠰᠢᠯᠭ᠎ᠠ ᠰᠤᠷᠭᠠᠮᠵᠢ ᠶᠢ ᠭᠦᠢᠴᠡᠳ ᠰᠢᠩᠭᠡᠭᠡᠨ ᠠᠪᠴᠤ᠂ ᠡᠯ᠎ᠡ ᠵᠦᠢᠯ ᠤᠨ ᠰᠢᠢᠳᠪᠦᠷᠢᠯᠡᠬᠦ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠠᠮᠤᠭ ᠤᠨ ᠴᠢᠩᠭ᠎ᠠ ᠡᠷᠴᠢᠮ᠂ ᠬᠠᠮᠤᠭ ᠤᠨ ᠲᠦᠷᠭᠡᠨ ᠬᠤᠷᠳᠤᠴᠠ ᠪᠠᠷ ᠬᠢᠵᠢᠭ ᠤᠨ ᠪᠠᠶᠢᠳᠠᠯ ᠢ ᠬᠤᠷᠢᠭᠯᠠᠨ ᠠᠷᠢᠯᠭᠠᠬᠤ ᠬᠡᠷᠡᠭᠲᠡᠢ᠃ ᠭᠤᠷᠢᠳᠠᠬᠤ ᠪᠤᠳᠤᠯ ᠢ ᠡᠷᠡᠰ ᠲᠡᠪᠴᠢᠵᠦ᠂ ᠲᠦᠷᠭᠡᠨ ᠪᠠᠶᠢᠬᠤ ᠶᠢ ᠲᠡᠷᠢᠭᠦᠨ ᠳᠤ ᠲᠠᠯᠪᠢᠵᠤ᠂ ᠲᠦᠷᠭᠡᠨ ᠬᠦᠳᠡᠯᠦᠯᠴᠡᠨ ᠲᠦᠷᠬᠡᠨ ᠲᠠᠷᠬᠠᠨ ᠲᠡᠯᠬᠡᠷᠡᠬᠦ ᠶᠢ ᠬᠤᠷᠢᠬᠯᠠᠵᠤ᠂ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠴᠤ᠂ ᠬᠥᠮᠦᠨ ᠤ ᠬᠦᠴᠦᠨ ᠢ ᠭᠦᠢᠴᠡᠳ ᠰᠢᠯᠵᠢᠭᠦᠯᠦᠨ ᠲᠥᠪᠯᠡᠷᠡᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠲᠠᠬᠤᠯ ᠡᠪᠡᠳᠴᠢᠨ ᠤ ᠪᠠᠶᠢᠴᠠᠭᠠᠯᠲᠠ ᠬᠢᠵᠤ ᠡᠬᠢ ᠰᠤᠷᠪᠤᠯᠵᠢ ᠶᠢ ᠨᠢ ᠮᠦᠷᠳᠡᠬᠦ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠠᠷᠢᠭᠤᠳᠬᠠᠬᠤ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠪᠥᠭᠡᠳ ᠲᠦᠷᠭᠡᠨ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠬᠢᠵᠢᠭ ᠤᠨ ᠪᠠᠶᠢᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃ ᠪᠥᠬᠦ ᠲᠠᠯ᠎ᠠ ᠪᠠᠷ ᠥᠨᠳᠥᠷ ᠪᠦᠲᠦᠮᠵᠢᠲᠡᠶ ᠪᠠᠷ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠳᠣᠲᠣᠭᠠᠳᠤ ᠶᠢ ᠬᠠᠮᠠᠭᠠᠯᠠᠬᠤ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠪᠣᠯᠤᠨ ᠲᠣᠮᠣ ᠳ᠋ᠠᠶᠢᠲ᠋ᠠ ᠶᠢᠨ ᠬᠠᠮᠵᠢᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠳᠡᠯᠭᠡᠷᠡᠬᠦ ᠵᠠᠮ ᠮᠥᠷ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠤᠶᠢᠯᠠᠭᠠᠵᠤ᠂ ᠨᠢᠭᠲᠠ ᠤᠶᠢᠷᠠᠳᠤᠭᠴᠢ᠂ ᠳᠠᠮ ᠤᠶᠢᠷᠠᠳᠤᠭᠴᠢ ᠶᠢ ᠲᠡᠷᠡ ᠳᠠᠷᠤᠢ ᠳᠤᠨᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠢᠭᠤᠭᠳᠠᠵᠤ ᠪᠠᠶᠢᠭ᠎ᠠ ᠬᠠᠯᠳᠠᠪᠤᠷᠢᠯᠠᠭᠳᠠᠭᠰᠠᠳ ᠢ ᠳᠠᠷᠡ ᠳᠠᠷᠤᠢ ᠳᠤᠨᠢ ᠡᠷᠢᠵᠦ ᠭᠠᠷᠭᠠᠬᠤ ᠬᠡᠷᠡᠭᠲᠡᠶ᠃ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠴᠠᠭ ᠮᠥᠴᠡ ᠶᠢ ᠠᠯᠳᠠᠯ ᠦᠭᠡᠢ ᠴᠢᠩᠭ᠎ᠠ ᠬᠠᠮᠢᠶᠠᠷᠤᠨ ᠴᠢᠩᠭ᠎ᠠ ᠡᠵᠡᠮᠳᠡᠵᠦ᠂ ᠪᠦᠬᠦ ᠶᠠᠪᠤᠴᠠ ᠪᠦᠬᠦ ᠬᠡᠯᠬᠢᠶ᠎ᠡ ᠪᠠᠷ ᠪᠢᠲᠡᠭᠦᠦ ᠭᠤᠭᠴᠤᠭᠠᠳᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠡᠷᠡᠰ ᠠᠷᠢᠯᠭᠠᠵᠤ᠂ ᠬᠢᠵᠢᠭ ᠤᠨ ᠪᠠᠶᠢᠳᠠᠯ ᠭᠠᠳᠠᠭᠰᠢ ᠬᠠᠯᠳᠠᠪᠤᠷᠢᠯᠠᠬᠤ ᠦᠭᠡᠢ ᠪᠠᠶᠢᠬᠤ ᠪᠠ ᠰᠤᠯᠪᠢᠴᠠᠨ ᠬᠠᠯᠳᠠᠪᠤᠷᠢᠯᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠪᠦᠬᠦ ᠬᠦᠴᠦ ᠪᠠᠷ ᠢᠶᠠᠨ ᠡᠪᠡᠳᠴᠢᠲᠡᠨ ᠢ ᠠᠪᠤᠷᠠᠨ ᠡᠮᠨᠡᠵᠦ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠨ ᠰᠢᠨᠵᠢᠯᠡᠬᠦ ᠤᠬᠠᠭᠠᠨᠴᠢ ᠪᠠᠷ ᠡᠮᠨᠡᠨ ᠵᠠᠰᠠᠬᠤ ᠶᠢ ᠪᠠᠷᠢᠮᠲᠠᠯᠠᠵᠤ᠂ ᠡᠮᠴᠢᠯᠡᠭᠡᠨ ᠤ ᠬᠦᠴᠦᠨ ᠢ ᠭᠦᠢᠴᠡᠳ ᠴᠢᠩᠭ᠎ᠠ ᠲᠤᠬᠢᠷᠠᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠦᠨᠳᠦ ᠡᠪᠡᠳᠴᠢᠳᠡᠨ ᠤ ᠨᠤᠷᠮ᠎ᠡ ᠶᠢ ᠪᠠᠭᠤᠷᠠᠭᠤᠯᠬᠤ ᠬᠡᠷᠡᠭᠲᠡᠢ᠃ ᠠᠮᠢᠳᠤᠷᠠᠯ ᠤᠨ ᠪᠠᠲᠤᠯᠠᠭ᠎ᠠ ᠶᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠡᠳ᠋ ᠪᠣᠳᠠᠰ ᠢ ᠭᠦᠢᠴᠡᠳ ᠪᠡᠯᠡᠳᠭᠡᠵᠦ᠂ ᠪᠢᠲᠡᠭᠦᠮᠵᠢᠯᠡᠨ ᠡᠵᠡᠮᠳᠡᠬᠦ ᠣᠷᠣᠨ ᠬᠠᠮᠢᠶᠠᠷᠤᠨ ᠡᠵᠡᠮᠳᠡᠬᠦ ᠤᠷᠤᠨ ᠤ ᠡᠳ᠋ ᠪᠣᠳᠠᠰ ᠤᠨ ᠬᠠᠩᠭᠠᠯᠭ᠎ᠠ ᠶᠢ ᠲᠤᠬᠢᠷᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠪᠣᠯᠤᠨ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠶᠢ ᠪᠦᠲᠦᠮᠵᠢᠲᠡᠢ ᠬᠠᠩᠭᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠮᠤᠭ ᠤᠨ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠣᠯᠤᠨ ᠭᠦᠢᠴᠡᠳᠭᠡᠬᠦ ᠬᠦᠴᠦᠨ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠨᠢᠭᠡ ᠨᠢᠭᠤᠭᠳᠠᠮᠠᠯ ᠬᠤᠭᠤᠴᠠᠭᠠᠨ ᠳᠤ ᠬᠢᠵᠢᠭ ᠤᠨ ᠪᠠᠶᠢᠳᠠᠯ ᠢ ᠠᠷᠢᠯᠭᠠᠬᠤ ᠪᠠᠷ ᠴᠢᠷᠮᠠᠶᠢᠬᠤ ᠬᠡᠷᠡᠭᠲᠡᠢ ᠭᠡᠵᠤ ᠴᠢᠬᠤᠯᠠᠴᠢᠯᠠᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠬᠥᠯᠥᠨ ᠪᠣᠶᠢᠷ ᠬᠤᠲᠠ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠭᠤᠤᠯ ᠬᠤᠷᠠᠯ ᠤᠨ ᠲᠠᠯᠠᠪᠠᠶ ᠪᠣᠯᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃      
          