ᠤᠷᠠᠳ ᠤᠨ ᠬᠤᠶᠢᠲᠤ ᠬᠤᠰᠢᠭᠤ ᠮᠠᠯᠴᠢᠨ ᠲᠠᠷᠢᠶᠠᠴᠢᠨ ᠪᠤᠯᠤᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ  ᠶᠢ ᠴᠢᠩᠭ᠎ᠠ ᠠᠳᠬᠤᠵᠤ ᠪᠤᠢ
ᠨᠡᠶᠢᠲᠡᠯᠡᠭᠰᠡᠨ ᠴᠠᠭ᠄
2022/4/26

       2021 ᠣᠨ ᠠᠴᠠ ᠨᠠᠰᠢ᠂ ᠤᠷᠠᠳ ᠤᠨ ᠬᠤᠶᠢᠲᠤ ᠬᠤᠰᠢᠭᠤ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ

ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂

ᠵᠠᠬᠢᠶᠠᠯᠠᠭ᠎ᠠ ᠶᠢᠨ ᠬᠠᠮᠠᠭᠠᠯᠠᠯᠲᠠ ᠶᠢᠨ ᠬᠡᠯᠪᠡᠷᠢ ᠶᠢᠨ᠂ ᠬᠠᠮᠲᠤᠷᠠᠯᠴᠠᠨ ᠦᠢᠯᠡᠴᠢᠯᠡᠬᠦ ᠬᠡᠯᠪᠡᠷᠢ ᠶᠢᠨ᠂ ᠠᠯᠳᠠᠨ ᠲᠠᠯ᠎ᠠ ᠨᠤᠲᠤᠭ ᠤᠨ ᠬᠤ᠋ ᠶᠠᠩ ᠬᠤᠨᠢ  ︽1+3︾

 ᠶᠢᠨ ᠬᠤᠨᠢ ᠢᠮᠠᠭ᠎ᠠ ᠲᠡᠵᠢᠭᠡᠬᠦ ᠭᠠᠵᠠᠷ᠂  ᠢᠩᠬᠡᠨ ᠰᠦ ᠶᠢᠨ ᠭᠤᠪᠢ ᠶᠢᠨ ᠤᠯᠠᠭᠠᠨ ᠲᠡᠮᠡᠭᠡ ᠲᠡᠮᠡᠭᠡ ᠲᠡᠵᠢᠭᠡᠬᠦ ᠭᠠᠵᠠᠷ ᠪᠣᠯᠤᠨ ᠦᠬᠡᠷ ᠲᠡᠵᠢᠭᠡᠬᠦ ᠵᠡᠷᠭᠡ 5

ᠵᠦᠢᠯ ᠤᠨ ᠠᠰᠢᠭ ᠲᠤᠰᠠ ᠶᠢᠨ ᠬᠤᠯᠪᠣᠭ᠎ᠠ ᠶᠢᠨ ᠵᠠᠭᠪᠤᠷ ᠢ ᠪᠦᠷᠢᠯᠳᠦᠭᠦᠯᠵᠡᠢ᠃ ᠡᠭᠦᠨ ᠤ ᠬᠠᠮᠲᠤ ᠡᠳ᠋ ᠤᠨ ᠬᠦᠴᠦᠨ ᠤ ᠲᠤᠯᠭᠠᠭᠤᠷᠢᠯᠠᠯ ᠢ ᠴᠢᠩᠭᠠᠳᠬᠠᠬᠤ᠂

ᠲᠦᠷᠦᠯ ᠵᠦᠢᠯ ᠤᠨ ᠪᠡᠯᠡ ᠮᠥᠩᠭᠦ ᠶᠢ  ᠨᠢᠢᠳᠬᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠬᠦ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ

ᠢᠵᠢ ᠪᠦᠷᠢᠳᠦᠭᠦᠯᠬᠦ᠂ ᠱᠠᠩᠨᠠᠵᠤ ᠲᠣᠷᠭᠠᠬᠤ ᠲᠣᠭᠲᠠᠴᠠ ᠶᠢ ᠪᠦᠷᠢᠨᠰᠢᠬᠦᠯᠬᠦ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠵᠡᠷᠭᠡ ᠤᠯᠠᠨ ᠲᠠᠯ᠎ᠠ ᠪᠠᠷ ᠥᠭᠡᠷᠡᠴᠢᠯᠡᠯᠲᠡ

ᠬᠢᠵᠦ ᠰᠢᠨ᠎ᠡ ᠶᠢ ᠡᠭᠦᠳᠴᠦ᠂ ᠲᠠᠭᠠᠭᠤᠯᠤᠭᠴᠢ ᠠᠵᠤ ᠠᠬᠤᠶᠢᠯᠠᠯ ᠪᠣᠯᠤᠨ ᠮᠠᠯᠴᠢᠨ ᠲᠠᠷᠢᠶᠠᠴᠢᠨ ᠤ ᠬᠤᠯᠪᠣᠯᠳᠤᠭᠰᠠᠨ ᠬᠠᠷᠢᠴᠠᠭ᠎ᠠ ᠶᠢ ᠰᠤᠯᠠ ᠵᠠᠳᠠᠭᠠᠢ ᠮᠠᠶᠢᠮᠠᠶᠢᠯᠠᠬᠤ

ᠬᠡᠯᠪᠡᠷᠢ ᠠᠴᠠ ᠨᠢᠭᠲᠠ ᠠᠰᠢᠭ ᠲᠤᠰᠠ ᠶᠢᠨ ᠬᠠᠮᠲᠤ ᠶᠢᠨ ᠴᠣᠭᠴᠠ ᠲᠠᠶᠢᠰᠢ ᠬᠤᠪᠢᠷᠠᠭᠤᠯᠬᠤ ᠶᠢ ᠠᠬᠢᠭᠤᠯᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ

ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠠᠵᠤ ᠠᠬᠤᠶᠢᠯᠠᠯ 71 ᠪᠣᠯᠵᠣ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠲᠥᠴᠢ ᠠᠵᠤ

ᠠᠬᠤᠶᠢᠯᠠᠯ 3᠂ ᠬᠤᠲᠠ ᠶᠢᠨ ᠲᠠᠰ ᠤᠨ ᠬᠥᠲᠥᠴᠢ ᠠᠵᠤ ᠠᠬᠤᠶᠢᠯᠠᠯ 7 ᠪᠠᠶᠢᠵᠤ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠷ᠎ᠡ ᠪᠦᠲᠦᠮᠵᠢ ᠢᠯᠡᠷᠬᠡᠶ

ᠪᠠᠶᠢᠵᠤ᠂ ᠪᠥᠬᠦ ᠬᠤᠰᠢᠭᠤᠨ ᠤ 12 ᠭᠤᠤᠯᠳᠠᠯᠭ᠎ᠠ ᠲᠠᠢ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠨᠡᠶᠢᠲᠡ 50 ᠭᠠᠴᠠᠭ᠎ᠠ ᠲᠣᠰᠬᠤᠨ ᠤ ᠬᠠᠮᠲᠤ ᠶᠢᠨ

ᠠᠵᠤ ᠠᠬᠤᠶ᠂ 10441 ᠡᠷᠦᠬᠡ ᠮᠠᠯᠴᠢᠨ ᠲᠠᠷᠢᠶᠠᠴᠢᠨ ᠲᠠᠢ ᠲᠣᠭᠲᠠᠪᠤᠷᠢᠲᠠᠶ ᠠᠰᠢᠭ ᠲᠤᠰᠠ ᠶᠢᠨ ᠬᠤᠯᠪᠣᠭ᠎ᠠ ᠶᠢᠨ ᠬᠠᠷᠢᠴᠠᠭ᠎ᠠ ᠪᠠᠶᠢᠭᠤᠯᠵᠤ᠂ ᠠᠰᠢᠭ

ᠲᠤᠰᠠ ᠶᠢᠨ ᠬᠤᠯᠪᠣᠭ᠎ᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃

ᠢᠷᠡᠯᠲᠡ᠄ ᠲᠤᠰ ᠰᠦᠯᠵᠢᠶ᠎ᠠ