ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠭᠤᠴᠢᠨ ᠬᠤᠶᠠᠳᠤᠭᠠᠷ ᠪᠦᠯᠦᠭ ᠤᠨ 71ᠬᠤᠪᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠵᠠᠢ
  
2022/4/27
             4 ᠰᠠᠷ᠎ᠠ ᠶᠢᠨ 26  ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠴᠢᠨ ᠬᠤᠶᠠᠳᠤᠭᠠᠷ ᠪᠦᠯᠦᠭ ᠤᠨ 71 ᠬᠤᠪᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠵᠠᠢ᠃         ᠲᠤᠭ᠎ᠠ ᠬᠡᠮᠵᠢᠶ᠎ᠡ ᠪᠠᠷ ᠨᠢ ᠵᠢᠭᠰᠠᠭᠠᠪᠠᠯ᠂ ᠤᠯᠠᠭᠠᠨᠬᠠᠳᠠ ᠬᠤᠲᠠ ᠶᠢᠨ 16 ᠬᠤᠪᠢ᠂ ᠣᠷᠳᠣᠰ ᠬᠤᠲᠠ ᠶᠢᠨ 13 ᠬᠤᠪᠢ᠂ ᠬᠥᠯᠥᠨ ᠪᠣᠶᠢᠷ ᠬᠤᠲᠠ ᠶᠢᠨ 9 ᠬᠤᠪᠢ᠂ ᠬᠥᠬᠡᠬᠤᠲᠠ ᠶᠢᠨ 8 ᠬᠤᠪᠢ᠂ ᠬᠢᠩᠭᠠᠨ ᠠᠶᠢᠮᠠᠭ᠂ ᠲᠦᠩᠯᠢᠶᠣᠣ ᠬᠤᠲᠠ ᠪᠣᠯᠣᠨ ᠤᠯᠠᠭᠠᠨᠴᠠᠪ ᠬᠤᠲᠠ ᠶᠢᠨ ᠲᠣᠰ   ᠲᠣᠰ 5 ᠬᠤᠪᠢ᠂ ᠪᠤᠭᠤᠲᠤ ᠬᠤᠲᠠ ᠪᠣᠯᠣᠨ ᠪᠠᠶᠠᠨᠨᠠᠭᠤᠷ ᠬᠤᠲᠠ ᠶᠢᠨ ᠲᠣᠰ ᠲᠣᠰ 4 ᠬᠤᠪᠢ᠂ ᠰᠢᠯᠢ ᠶᠢᠨ ᠭᠤᠣᠯ ᠠᠶᠢᠮᠠᠭ ᠪᠣᠯᠣᠨ ᠦᠬᠠᠢ ᠬᠤᠲᠠ ᠶᠢᠨ ᠲᠣᠰ ᠲᠣᠰ 1 ᠬᠤᠪᠢ ᠪᠣᠢ᠃ ᠪᠣᠬᠢᠷᠳᠤᠯ ᠤᠨ ᠲᠥᠷᠥᠯ ᠢᠶᠠᠷ ᠨᠢ ᠬᠤᠪᠢᠶᠠᠪᠠᠯ ( ᠬᠡᠰᠡᠭ ᠬᠡᠷᠡᠭ ᠨᠢ ᠣᠯᠠᠨ ᠲᠥᠷᠥᠯ ᠤᠨ ᠪᠣᠬ ᠢᠷᠳᠤᠯ ᠳᠤ ᠬᠤᠯᠪᠣᠭᠳᠠᠨ᠎ᠠ )  ᠂ ᠠᠮᠢ ᠠᠬᠤᠢ ᠶᠢ ᠡᠪᠳᠡᠭᠰᠡᠨ ᠬᠡᠷᠡᠭ 44 ᠬᠤᠪᠢ᠂ ᠠᠭᠠᠷ ᠮᠠᠨᠳᠠᠯ ᠤᠨ ᠪᠣᠬᠢᠷᠳᠤᠯ ᠤᠨ ᠬᠡᠷᠡᠭ 18 ᠬᠤᠪᠢ᠂ ᠱᠤᠤᠭᠢᠶᠠᠨ ᠤ ᠪᠣᠬᠢᠷᠳᠤᠯ ᠤᠨ ᠬᠡᠷᠡᠭ 13 ᠬᠤᠪᠢ᠂ ᠤᠰᠤᠨ ᠤ ᠪᠣᠬᠢᠷᠳᠤᠯ ᠤᠨ ᠬᠡᠷᠡᠭ 8 ᠬᠤᠪᠢ᠂ ᠬᠥᠷᠥᠰᠥ ᠰᠢᠷᠣᠢ ᠶᠢᠨ ᠪᠣᠬᠢᠷᠳᠤᠯ ᠤᠨ ᠬᠡᠷᠡᠭ 7 ᠬᠤᠪᠢ᠂ ᠪᠤᠰᠤᠳ ᠪᠣᠬᠢᠷᠳᠤᠯ ᠤᠨ ᠬᠡᠷᠡᠭ 9 ᠬᠤᠪᠢ ᠪᠣᠢ᠃        ᠳᠡᠭᠡᠷᠡᠬᠢ ᠬᠡᠷᠡᠭ ᠢ ᠴᠥᠮ ᠬᠤᠯᠪᠣᠭᠳᠠᠯ ᠪᠦᠬᠦᠢ ᠠᠶᠢᠮᠠᠭ ᠬᠤᠲᠠ ᠪᠣᠯᠣᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠵᠦ ᠪᠠᠶᠢᠨ᠎ᠠ᠃      
          