| | ᠨᠢᠭᠡ᠂ ᠨᠡᠶᠢᠲᠡᠯᠡᠬᠦ ᠦᠨᠳᠦᠰᠦᠯᠡᠯ | | ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠤᠨ | ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ | ᠢ ᠦᠨᠳᠦᠰᠦᠯᠡᠪᠡᠯ ︵ᠲᠥᠷᠥ ᠠᠯᠪᠠᠨ ᠲᠠᠷᠬᠠᠭᠠᠭᠰᠠᠨ〔 2020 〕42 ᠳ᠋ᠤᠭᠠᠷ ᠲᠣᠭᠠᠲᠤ︶᠂ ︽ᠭᠡᠷᠡᠴᠢᠯᠡᠬᠦ ᠵᠦᠢᠯᠡᠰ ᠢ ᠮᠡᠳᠡᠭᠳᠡᠨ ᠠᠮᠠᠯᠠᠭᠤᠯᠬᠤ ᠲᠦᠷᠢᠮ ᠢ | ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ〔 2020 〕 51 ᠳ᠋ᠤᠬᠡᠷ ᠲᠣᠭᠠᠲᠤ︶ ᠪᠠ ︽ᠪᠠᠶᠠᠨᠨᠠᠭᠤᠷ | ᠬᠤᠲᠠ ᠶᠢᠨ ᠭᠡᠷᠡᠴᠢᠯᠡᠬᠦ ᠵᠦᠢᠯᠡᠰ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠮᠡᠳᠡᠭᠳᠡᠨ ᠠᠮᠠᠯᠠᠭᠤᠯᠬᠤ ᠲᠦᠷᠢᠮ ᠢ ᠬᠡᠷᠡᠭᠵᠢᠭᠦᠯᠬᠦ ᠲᠥᠰᠦᠯ ︵ᠪᠠᠶᠠᠨᠨᠠᠭᠤᠷ ᠥᠰᠥᠭ 〔 | 20201〕 11 ᠳ᠋ᠤᠬᠡᠷ ᠲᠣᠭᠠᠲᠤ︶︾ ᠪᠢᠴᠢᠭ ᠮᠠᠲ᠋ᠧᠷᠢᠶᠠᠯ᠃ | | ᠬᠤᠶᠠᠷ᠂ ᠵᠢᠯᠣᠭᠤᠳᠬᠤ ᠦᠵᠡᠯ ᠰᠠᠨᠠᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠪᠠᠶᠠᠨᠨᠠᠭᠤᠷ ᠬᠤᠲᠠ ᠶᠢᠨ ᠪᠣᠳᠠᠲᠠᠶ ᠠᠷᠭ᠎ᠠ | ᠬᠡᠮᠵᠢᠶ᠎ᠡ ᠪᠠ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡ ᠪᠠ ᠬᠠᠮᠢᠶᠠᠷᠤᠯᠲᠠ ᠶᠢᠨ ᠣᠶᠢᠯᠠᠭᠠᠭᠳᠠᠬᠤᠨ᠂ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠦᠢᠯᠡᠰ ᠴᠣᠭᠴᠠᠯᠠᠬᠤ ᠳᠤ ᠲᠥᠬᠦᠮ ᠦᠵᠡᠭᠦᠯᠦᠨ᠂ | ᠠᠵᠤ ᠠᠬᠤᠶᠢᠯᠠᠯ ᠪᠠ ᠣᠯᠠᠨ ᠲᠦᠮᠡᠨ ᠳᠤ ᠰᠢᠭᠤᠳ ᠬᠠᠨᠳᠤᠭᠤᠯᠤᠭᠰᠠᠨ᠂ ᠭᠤᠶᠤᠴᠢᠯᠠᠯ ᠢᠶᠠᠷ ᠭᠦᠶ᠋ᠴᠡᠳᠬᠡᠬᠦ ᠵᠠᠰᠠᠭ ᠵᠠᠬᠢᠷᠭᠠᠨ ᠤ ᠵᠦᠢᠯᠡᠰ ᠲᠤ ᠴᠢᠭᠯᠡᠭᠦᠯᠦᠨ᠂ | ᠭᠡᠷᠡᠴᠢᠯᠡᠬᠦ ᠵᠦᠢᠯᠡᠰ ᠢ ᠬᠡᠯᠡᠵᠦ ᠠᠮᠠᠯᠳᠠᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ︽ᠠᠷᠤ ᠭᠠᠵᠠᠷ ᠤᠨ ᠵᠢᠶᠠᠩᠨᠠᠨ ᠣᠷᠣᠨ ᠳᠤ ᠪᠣᠬᠢᠷᠲᠤᠯ ᠥᠬᠡᠶ ᠪᠠᠷ ᠬᠥᠭᠵᠢᠨ ᠮᠠᠨᠳᠤᠬᠤ︾ ᠶᠢ ᠪᠡᠶᠡᠯᠡᠭᠦᠯᠬᠦ ᠳᠤ | ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ | | ᠭᠤᠷᠪᠠ᠂ ᠠᠵᠢᠯ ᠤᠨ ᠬᠠᠷᠠᠯᠲᠠ | | ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ | ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ︵ᠳᠣᠷᠣᠭᠰᠢ ᠵᠠᠰᠠᠭ ᠵᠠᠬᠢᠷᠭᠠᠨ ᠤ ᠪᠠᠶᠢᠭᠤᠯᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ | ᠨᠢ ᠭᠡᠷᠡᠴᠢᠯᠡᠬᠦ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ | ᠥᠭᠭᠦᠯᠲᠡ ᠵᠡᠷᠭᠡ ᠭᠤᠶᠤᠴᠢᠯᠠᠭᠰᠠᠨ ᠵᠠᠰᠠᠭ ᠵᠠᠬᠢᠷᠭᠠᠨ ᠤ ᠬᠡᠷᠡᠭ ᠶᠠᠪᠤᠳᠠᠯ ︵ᠳᠣᠷᠣᠭᠰᠢ ᠵᠠᠰᠠᠭ ᠵᠠᠬᠢᠷᠭᠠᠨ ᠤ ᠬᠡᠷᠡᠭ ᠶᠠᠪᠤᠳᠠᠯ ᠭᠡᠵᠦ ᠲᠣᠪᠴᠢᠯᠠᠨ᠎ᠠ︶ ᠤᠨ | ᠱᠠᠭᠠᠷᠳᠠᠯᠭ᠎ᠠ ᠪᠠᠷ ᠬᠠᠩᠭᠠᠬᠤ ᠭᠡᠷᠡᠴᠢ ᠮᠠᠲ᠋ᠧᠷᠢᠶᠠᠯ ᠢ ᠭᠦᠢᠴᠡᠳᠬᠡᠬᠦ ᠦᠶ᠎ᠡ ᠳᠤ᠂ ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠵᠦ᠂ ᠵᠠᠰᠠᠭ | ᠵᠠᠬᠢᠷᠭᠠᠨ ᠤ ᠪᠠᠶᠢᠭᠤᠯᠭ᠎ᠠ ᠲᠣᠳᠣᠷᠬᠠᠢ ᠮᠡᠳᠡᠭᠳᠡᠬᠦ᠂ ᠠᠵᠤ ᠠᠬᠤᠶᠢᠯᠠᠯ ᠪᠠ ᠤᠯᠠᠨ ᠲᠦᠮᠡᠨ ᠦᠨᠡᠨᠴᠢ ᠢᠲᠡᠭᠡᠮᠵᠢᠲᠡᠢ ᠪᠠᠷ ᠠᠮᠠᠯᠠᠯᠲᠠ ᠪᠠᠨ ᠰᠠᠬᠢᠬᠤ ᠪᠠᠷ | ᠭᠤᠣᠯᠳᠠᠯᠭ᠎ᠠ ᠪᠣᠯᠭᠠᠵᠤ᠂ ᠪᠠᠷᠢᠮᠵᠢᠶ᠎ᠠ ᠶᠢ ᠢᠯᠡ ᠪᠣᠯᠭᠠᠬᠤ᠂ ᠲᠦᠷᠢᠮ ᠢ ᠲᠥᠪ ᠭᠤᠣᠯᠴᠢ᠂ ᠵᠢᠱᠢᠯᠲᠡ ᠶᠢ ᠲᠣᠳᠣᠷᠬᠠᠢ᠂ ᠲᠤᠰ ᠲᠤᠰ ᠤᠨ ᠬᠠᠷᠢᠭᠤᠴᠠᠯᠭ᠎ᠠ ᠪᠠᠨ | ᠭᠦᠢᠴᠡᠳᠬᠡᠬᠦ᠂ ᠢᠲᠡᠭᠡᠮᠵᠢ ᠶᠢ ᠬᠢᠨᠠᠨ ᠬᠠᠮᠢᠶᠠᠷᠬᠤ ᠵᠠᠰᠠᠯᠲᠠ ᠶᠢᠨ ᠵᠠᠭᠪᠤᠷ ᠢ ᠪᠦᠷᠢᠯᠳᠦᠭᠦᠯᠬᠦ ᠶᠢ ᠠᠬᠢᠭᠤᠯᠵᠤ᠂ ᠲᠦᠷᠢᠮ ᠤᠨ ᠲᠠᠯ᠎ᠠ ᠠᠴᠠ ᠠᠵᠤ ᠠᠬᠤᠶᠢᠯᠠᠯ ᠪᠠ | ᠤᠯᠠᠨ ᠲᠦᠮᠡᠨ ᠤ ᠭᠦᠢᠴᠡᠳᠬᠡᠬᠦ ᠦᠨᠡᠮᠯᠡᠯ ᠤᠯᠠᠨ᠂ ᠤᠴᠢᠷ ᠶᠠᠪᠤᠳᠠᠯ ᠰᠢᠢᠳᠪᠦᠷᠢᠯᠡᠬᠦ ᠳᠤ ᠬᠦᠴᠢᠷ ᠵᠡᠷᠭᠡ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃ | | | ᠳᠥᠷᠪᠡ᠂ ᠠᠵᠢᠯ ᠤᠨ ᠬᠡᠪᠴᠢᠶ᠎ᠡ ᠪᠠ ᠬᠡᠷᠡᠭᠯᠡᠬᠦ ᠡᠲᠡᠭᠡᠳ | | ︵ᠨᠢᠭᠡ︶ ᠬᠡᠷᠡᠭᠵᠢᠭᠦᠯᠬᠦ ᠪᠠᠶᠢᠭᠤᠯᠭ᠎ᠠ᠃ ᠭᠡᠷᠡᠴᠢᠯᠡᠬᠦ ᠤᠴᠢᠷ ᠶᠠᠪᠤᠳᠠᠯ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠬᠤᠰᠢᠭᠤᠨ ᠤ ᠬᠡᠪᠴᠢᠶᠡᠨ ᠳᠤ | ᠠᠯᠬᠤᠮ ᠳᠠᠷᠠᠭ᠎ᠠ ᠲᠠᠢ ᠪᠠᠷ ᠪᠦᠬᠦᠨ ᠢ ᠬᠠᠮᠤᠷᠤᠨ ᠶᠠᠪᠤᠭᠳᠠᠭᠤᠯᠤᠨ᠎ᠠ᠃ ᠬᠡᠷᠡᠭᠵᠢᠭᠦᠯᠬᠦ ᠪᠠᠶᠢᠭᠤᠯᠭ᠎ᠠ ᠳᠤ ᠪᠥᠬᠦ ᠬᠤᠰᠢᠭᠤᠨ ᠤ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠᠭᠲᠠᠨ᠎ᠠ᠃ | | ︵ᠬᠤᠶᠠᠷ︶ ᠲᠣᠮᠢᠶᠠᠯᠠᠯ ᠪᠠ ᠬᠦᠷᠢᠶ᠎ᠡ ᠬᠡᠪᠴᠢᠶ᠎ᠡ᠃ ᠲᠤᠰ ᠲᠥᠰᠦᠯ ᠳᠤ ᠬᠡᠯᠡᠵᠦ ᠪᠠᠶᠢᠭ᠎ᠠ ᠭᠡᠷᠡᠴᠢᠯᠡᠯ ᠭᠡᠳᠡᠭ ᠪᠣᠯ ᠠᠷᠠᠳ ᠢᠷᠭᠡᠨ᠂ ᠬᠠᠤᠯᠢ ᠶᠢᠨ | ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ | ᠰᠢᠢᠳᠪᠤᠷᠢᠯᠠᠬᠦᠯᠬᠦ ᠪᠠᠷ ᠭᠤᠶᠤᠴᠢᠯᠠᠬᠤ ᠦᠶ᠎ᠡ ᠳᠤ᠂ ᠬᠠᠩᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠪᠤᠰᠤᠳ ᠪᠠᠶᠢᠭᠤᠯᠤᠮᠵᠢ ᠠᠴᠠ ᠭᠠᠷᠭᠠᠵᠤ ᠥᠭᠬᠦ | ᠴᠢᠬᠤᠯᠠᠲᠠᠶ ᠪᠥᠭᠡᠳ ᠪᠤᠰᠤᠳᠴᠢ ᠪᠣᠳᠠᠲᠤ ᠶᠠᠪᠤᠳᠠᠯ ᠢ ᠳᠦᠷᠰᠦᠯᠡᠬᠦ ᠪᠤᠶᠤ ᠣᠨᠴᠠᠭᠠᠶ ᠨᠥᠬᠦᠴᠡᠯ ᠳᠤ ᠨᠡᠶᠢᠴᠡᠬᠦ ᠶᠢ ᠢᠯᠡᠳᠬᠡᠬᠦ ᠳᠤ ᠬᠡᠷᠡᠭᠯᠡᠬᠦ ᠮᠠᠲ᠋ᠧᠷᠢᠶᠠᠯ ᠢ ᠵᠢᠭᠠᠵᠤ | ᠪᠠᠶᠢᠨ᠎ᠠ᠃ ᠭᠡᠷᠡᠴᠢᠯᠡᠬᠦ ᠤᠴᠢᠷ ᠶᠠᠪᠤᠳᠠᠯ ᠢ ᠠᠮᠠᠯᠠᠯᠲᠠ ᠶᠢᠨ ᠳᠦᠷᠢᠮ ᠢ ᠬᠡᠯᠡᠵᠦ ᠥᠭᠭᠦᠨ᠎ᠡ᠂ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ | ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠤᠷᠢᠯᠠᠬᠦᠯᠬᠦ ᠪᠠᠷ ᠭᠤᠶᠤᠴᠢᠯᠠᠬᠤ ᠦᠶ᠎ᠡ ᠳᠤ᠂ ᠵᠠᠰᠠᠭ | ᠵᠠᠬᠢᠷᠭᠠᠨ ᠤ ᠪᠠᠶᠢᠭᠤᠯᠭ᠎ᠠ ᠪᠢᠴᠢᠭ ᠤᠨ ᠬᠡᠯᠪᠡᠷᠢ ︵ᠡᠯᠧᠺᠲᠷᠣᠨ ᠪᠢᠴᠢᠭ ᠬᠠᠷ᠎ᠠ ᠶᠢ ᠪᠠᠭᠲᠠᠭᠠᠨ᠎ᠠ᠂ ᠳᠣᠷᠣᠭᠰᠢ ᠠᠳᠠᠯᠢ︶ ᠭᠡᠷᠡᠴᠢᠯᠡᠬᠦ ᠡᠭᠦᠷᠭᠡ᠂ ᠭᠡᠷᠡᠴᠢᠯᠡᠬᠦ | ᠠᠭᠤᠯᠭ᠎ᠠ ᠵᠢᠴᠢ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ | ᠮᠡᠳᠡᠭᠳᠡᠨ᠎ᠡ᠂ ᠭᠤᠶᠤᠴᠢᠯᠠᠭᠴᠢ ᠶᠢᠨ ᠪᠢᠴᠢᠭ ᠤᠨ ᠠᠮᠠᠯᠠᠯᠲᠠ ᠨᠢ ᠨᠢᠭᠡᠨᠲᠡ ᠮᠡᠳᠡᠭᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠦᠨᠡᠨ | ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠲᠤᠷᠠᠳᠠᠶᠢᠶ᠎ᠠ ᠡᠭᠦᠷᠭᠡᠯᠡᠨ᠎ᠡ᠂ ᠵᠠᠰᠠᠭ ᠵᠠᠬᠢᠷᠭᠠᠨ ᠤ ᠪᠠᠶᠢᠭᠤᠯᠭ᠎ᠠ ᠳᠠᠬᠢᠵᠤ ᠬᠤᠯᠪᠣᠭᠳᠠᠯ ᠪᠦᠬᠦᠢ | ᠭᠡᠷᠡᠴᠢ ᠶᠢ ᠨᠡᠬᠡᠨ ᠠᠪᠬᠤ ᠶᠢᠨ ᠬᠠᠮᠲᠤ ᠪᠢᠴᠢᠭ ᠤᠨ ᠠᠮᠠᠯᠠᠯᠲᠠ ᠶᠢ ᠦᠨᠳᠦᠰᠦᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠤᠷᠢᠯᠠᠬᠦ | ᠠᠵᠢᠯ ᠤᠨ ᠲᠣᠭᠲᠠᠴᠠ ᠦᠭᠡᠢ᠃ | | ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠯᠡᠬᠦ ᠭᠡᠷᠡᠴᠢᠯᠡᠬᠦ ᠵᠦᠢᠯᠡᠰ ᠤᠨ ᠬᠡᠪᠴᠢᠶ᠎ᠡ ᠳᠤ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠠᠰᠢᠭᠲᠠᠶ | ᠠᠷᠠᠳ ᠲᠤ ᠳᠥᠭᠦᠮ ᠦᠵᠡᠭᠦᠯᠬᠦ ᠵᠠᠷᠴᠢᠮ ᠶᠣᠰᠣᠭᠠᠷ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ | ᠬᠡᠷᠡᠭᠯᠡᠬᠦ ᠤᠳᠠᠭ᠎ᠠ ᠪᠠᠷ ᠨᠡᠯᠢᠶᠡᠳ ᠥᠨᠳᠥᠷ ᠪᠤᠶᠤ ᠤᠯᠬᠤ ᠳᠤ ᠨᠡᠯᠢᠶᠡᠳ ᠬᠦᠴᠢᠷᠲᠡᠶ ᠭᠡᠷᠡᠴᠢᠯᠡᠬᠦ ᠵᠦᠢᠯᠡᠰ ᠤᠨ ᠳᠣᠲᠣᠷ᠎ᠠ ᠠᠴᠠ ᠲᠣᠭᠲᠠᠭᠠᠨ᠎ᠠ᠂ ᠢᠯᠠᠩᠭᠤᠶ᠎ᠠ | ᠡᠷᠦᠭᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠵᠡᠩᠨᠡᠯᠲᠡ ᠶᠢ ᠵᠥᠪᠰᠢᠶᠡᠷᠡᠬᠦ᠂ ᠬᠢᠷᠢ ᠬᠡᠮ ᠤᠨ ᠰᠢᠯᠭᠠᠯᠲᠠ᠂ | ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠡᠷᠡᠭᠦᠯ ᠮᠡᠨᠳᠤ ᠶᠢᠨ ᠪᠠᠶᠢᠴᠠᠭᠠᠯᠲᠠ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠲᠠᠯ᠎ᠠ ᠪᠠᠷ | ᠱᠠᠯᠠᠪᠳᠠᠨ ᠬᠡᠷᠡᠭᠵᠢᠭᠦᠯᠵᠦ᠂ ᠲᠦᠷᠭᠡᠬᠡᠨ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ | ᠲᠦᠪᠰᠢᠨ᠂ ᠮᠥᠩᠭᠦᠨ ᠬᠦᠢᠯᠬᠡᠬᠡᠨ ᠤ ᠦᠢᠯᠡᠰ ᠤᠨ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠳᠤ ᠰᠢᠭᠤᠳ ᠬᠤᠯᠪᠣᠭᠳᠠᠵᠤ᠂ ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠢᠭᠤᠳ | ᠬᠤᠯᠪᠣᠭᠳᠠᠬᠤ ᠵᠢᠴᠢ ᠴᠢᠬᠤᠯᠠ ᠭᠠᠳᠠᠭᠠᠳᠤ ᠳᠤ ᠬᠤᠯᠪᠣᠭᠳᠠᠬᠤ ᠵᠡᠷᠭᠡ ᠲᠦᠭᠰᠢᠭᠦᠷᠢ ᠪᠠᠷ ᠨᠡᠯᠢᠶᠡᠳ ᠶᠡᠭᠡ ᠪᠠᠶᠢᠵᠤ᠂ ᠵᠠᠯᠠᠷᠠᠭᠤᠯᠬᠤ ᠥᠪᠡᠷ ᠤᠨ ᠥᠷᠲᠡᠭ ᠨᠢ | ᠨᠡᠯᠢᠶᠡᠳ ᠥᠨᠳᠥᠷ᠂ ᠬᠤᠬᠢᠷᠠᠯ ᠢ ᠡᠭᠡᠭᠦᠯᠵᠦ ᠠᠪᠴᠢᠷᠠᠬᠤᠶ᠎ᠠ ᠪᠡᠷᠬᠡ ᠭᠡᠷᠡᠴᠢᠯᠡᠬᠦ ᠵᠦᠢᠯᠡᠰ ᠲᠤ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠥᠬᠡᠶ᠃ | | ︵ᠭᠤᠷᠪᠠ︶ ᠬᠡᠷᠡᠭᠯᠡᠬᠦ ᠡᠲᠡᠭᠡᠳ᠃ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠢ ᠭᠤᠶᠤᠴᠢᠯᠠᠭᠴᠢ ᠨᠢ ᠮᠡᠳᠡᠭᠳᠡᠬᠦ | ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢ ᠬᠡᠷᠡᠭᠯᠡᠬᠦ ᠡᠰᠡᠬᠦ ᠪᠠᠨ ᠥᠪᠡᠰᠦᠪᠡᠨ ᠡᠵᠡᠨ ᠮᠡᠳᠡᠵᠤ ᠰᠢᠶ᠋ᠳᠪᠦᠷᠢᠯᠡᠵᠦ ᠪᠣᠯᠤᠨ᠎ᠠ᠃ ᠭᠤᠶᠤᠴᠢᠯᠠᠭᠴᠢ ᠠᠮᠠᠯᠠᠬᠤ | ᠳᠤᠷ᠎ᠠ ᠦᠭᠡᠢ ᠪᠤᠶᠤ ᠠᠮᠠᠯᠠᠬᠤ ᠶᠢᠨ ᠠᠷᠭ᠎ᠠ ᠦᠭᠡᠢ ᠪᠠᠶᠢᠪᠠᠯ᠂ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠯ ᠳᠤ ᠱᠠᠭᠠᠷᠳᠠᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃ ᠭᠤᠶᠤᠴᠢᠯᠠᠭᠴᠢ ᠨᠢ ᠨᠡᠯᠢᠶᠡᠳ ᠬᠦᠨᠳᠦ ᠨᠣᠴᠢᠲᠠᠶ ᠢᠲᠡᠭᠡᠮᠵᠢ ᠶᠢᠨ ᠮᠠᠭᠤ ᠲᠡᠮᠳᠡᠭᠯᠡᠯ ᠲᠠᠢ | ᠪᠤᠶᠤ ᠬᠤᠳᠠᠯ ᠬᠠᠭᠤᠷᠮᠠᠭ ᠠᠮᠠᠯᠠᠯᠲᠠ ᠬᠢᠵᠦ ᠥᠩᠭᠡᠷᠡᠭᠰᠡᠨ ᠵᠡᠷᠭᠡ ᠪᠠᠶᠢᠳᠠᠯ ᠲᠠᠢ ᠪᠠᠶᠢᠪᠠᠯ᠂ ᠢᠲᠡᠭᠡᠮᠵᠢ ᠶᠢ ᠰᠡᠷᠭᠦᠭᠡᠬᠦ ᠠᠴᠠ ᠡᠮᠦᠨ᠎ᠡ ᠬᠡᠯᠡᠵᠦ ᠥᠭᠬᠦ | ᠠᠮᠠᠯᠠᠯᠲᠠ ᠶᠢᠨ ᠲᠦᠷᠢᠮ ᠢ ᠬᠡᠷᠡᠭᠯᠡᠬᠦ ᠦᠭᠡᠢ᠃ | | ᠲᠠᠪᠤ᠂ ᠭᠤᠣᠯ ᠡᠭᠦᠷᠭᠡ | | ︵ᠨᠢᠭᠡ︶ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠢ ᠲᠣᠭᠲᠠᠭᠠᠬᠤ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠳᠡᠭᠡᠷ᠎ᠡ | ᠳᠤᠷᠠᠳᠤᠭᠰᠠᠨ ᠱᠠᠭᠠᠷᠳᠠᠯᠭ᠎ᠠ ᠶᠢ ᠦᠨᠳᠦᠰᠦᠯᠡᠨ᠂ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠶᠣᠰᠣᠭᠠᠷ᠂ | ᠲᠣᠰ ᠰᠢᠰᠲ᠋ᠧᠮ ᠤᠨ ᠢᠶᠠᠨ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠶ᠋ᠯ ᠤᠨ ᠭᠠᠷᠴᠠᠭ ᠢ ᠲᠤᠭᠤᠷᠪᠢᠨ ᠲᠣᠭᠲᠠᠭᠠᠵᠤ᠂ ᠬᠤᠰᠢᠭᠤᠨ ᠬᠠᠤᠯᠢ | ᠴᠠᠭᠠᠵᠠ ᠶᠢᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠡᠳ ᠲᠣᠰ ᠱᠠᠲᠤᠨ ᠤ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠶ᠋ᠯ ᠤᠨ ᠭᠠᠷᠴᠠᠭ ᠢ | ᠪᠦᠷᠢᠯᠳᠦᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠪᠥᠬᠦ ᠬᠤᠰᠢᠭᠤᠨ ᠤ ᠡᠯ᠎ᠡ ᠵᠠᠰᠠᠭ ᠵᠠᠬᠢᠷᠭᠠᠨ ᠤ ᠨᠢᠭᠡᠴᠡ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠠᠴᠠ ᠲᠣᠰ ᠱᠠᠲᠤᠨ ᠤ ᠵᠠᠰᠠᠭ ᠤᠨ ᠣᠷᠳᠣᠨ ᠤ ᠬᠡᠷᠡᠭᠵᠢᠭᠦᠯᠬᠦ ᠭᠡᠷᠡᠴᠢᠯᠡᠬᠦ ᠵᠦᠶ᠋ᠯ ᠤᠨ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠶ᠋ᠯ ᠤᠨ ᠭᠠᠷᠴᠠᠭ ᠢ | ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠭᠰᠠᠨ ᠪᠠᠶᠢᠳᠠᠯ | ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠰᠢᠰᠲ᠋ᠧᠮ ᠤᠨ ᠠᠵᠢᠯ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠲᠤ ᠤᠤᠯ ᠤᠨ ᠬᠢᠨᠠᠨ ᠬᠠᠷᠭᠤᠭᠤᠯᠤᠭᠰᠠᠨ ᠲᠠᠰ ᠳᠠᠷᠠᠭᠠᠯᠠᠯ ᠢᠶᠠᠷ ᠴᠠᠭ | ᠲᠤᠬᠠᠶ ᠳᠤᠨᠢ ᠬᠥᠳᠡᠯᠦᠩᠭᠦᠶ ᠲᠣᠬᠢᠷᠠᠭᠤᠯᠤᠯᠲᠠ ᠬᠢᠬᠦ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ | | ︵ᠬᠤᠶᠠᠷ︶ ᠠᠮᠠᠯᠠᠯᠲᠠ ᠶᠢᠨ ᠲᠦᠷᠢᠮ ᠤᠨ ᠠᠵᠢᠯ ᠤᠨ ᠴᠤᠪᠤᠷᠠᠯ ᠢ ᠵᠢᠷᠤᠮᠵᠢᠭᠤᠯᠬᠤ ᠬᠡᠷᠡᠭᠲᠡᠶ᠃ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠨᠢ ᠪᠥᠬᠦ | ᠲᠠᠯ᠎ᠠ ᠪᠠᠷ ᠣᠨᠣᠪᠴᠢᠲᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠬᠢᠯᠪᠠᠷ ᠣᠶᠢᠯᠠᠭᠠᠮᠵᠢᠲᠠᠶ ᠪᠠᠶᠢᠬᠤ ᠱᠠᠭᠠᠷᠳᠠᠯᠭ᠎ᠠ ᠶᠣᠰᠣᠭᠠᠷ᠂ ᠠᠮᠠᠯᠠᠯᠲᠠ ᠶᠢᠨ ᠲᠦᠷᠢᠮ ᠤᠨ | ᠠᠵᠢᠯ ᠤᠨ ᠲᠦᠷᠢᠮ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠠᠵᠢᠯ ᠶᠠᠪᠤᠳᠠᠯ ᠭᠦᠶ᠋ᠴᠡᠳᠬᠡᠬᠦ ᠵᠦᠭᠯᠡᠭᠦᠷ ᠲᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠠᠮᠠᠯᠠᠯᠲᠠ ᠶᠢᠨ ᠪᠢᠴᠢᠭ ᠤᠨ ᠵᠠᠭᠪᠤᠷ ᠤᠨ ᠲᠣᠪᠬᠢᠮᠠᠯ ᠢ ᠵᠣᠬᠢᠶᠠᠬᠤ ᠬᠡᠷᠡᠭᠲᠡᠶ᠃ ᠠᠮᠠᠯᠠᠯᠲᠠ ᠶᠢᠨ ᠲᠦᠷᠢᠮ ᠤᠨ ᠠᠵᠢᠯ ᠶᠠᠪᠤᠳᠠᠯ ᠭᠦᠶ᠋ᠴᠡᠳᠬᠡᠬᠦ | ᠵᠦᠭᠯᠡᠭᠦᠷ ᠢ ᠮᠡᠳᠡᠭᠳᠡᠵᠦ᠂ ᠠᠮᠠᠯᠠᠯᠲᠠ ᠶᠢᠨ ᠪᠢᠴᠢᠭ ᠤᠨ ᠵᠠᠭᠪᠤᠷ ᠤᠨ ᠲᠣᠪᠬᠢᠮᠠᠯ ᠢ ᠬᠠᠮᠢᠶ᠎ᠠ ᠪᠥᠬᠦᠶ ᠦᠶ᠋ᠯᠡᠴᠢᠯᠡᠭᠡᠨ ᠤ ᠲᠠᠯᠠᠪᠤᠷ ᠭᠠᠵᠠᠷ᠂ ᠰᠦᠯᠵᠢᠶᠡᠨ ᠥᠷᠲᠡᠭᠡ | ᠪᠠ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ᠂ ᠭᠤᠶᠤᠴᠢᠯᠠᠭᠴᠢ ᠶᠢᠨ ᠪᠠᠶᠢᠴᠠᠭᠠᠨ ᠦᠵᠡᠬᠦ᠂ | ᠨᠡᠬᠡᠵᠦ ᠠᠪᠬᠤ ᠪᠤᠶᠤ ᠪᠠᠭᠤᠯᠭᠠᠨ ᠠᠪᠬᠤ ᠳᠤ ᠲᠥᠬᠦᠮ ᠦᠵᠡᠭᠦᠯᠦᠨ᠎ᠡ᠃ ᠪᠢᠴᠢᠭ ᠢᠶᠠᠷ ᠮᠡᠳᠡᠭᠳᠡᠬᠦ ᠠᠭᠤᠯᠭ᠎ᠠ ᠳᠤ ᠵᠦᠢᠯᠡᠰ ᠤᠨ ᠨᠡᠷᠡᠶᠢᠳᠦᠯ᠂ ᠲᠣᠭᠲᠠᠭᠠᠭᠰᠠᠨ | ᠦᠨᠳᠦᠰᠦᠯᠡᠯ᠂ ᠭᠡᠷᠡᠴᠢᠯᠡᠬᠦ ᠠᠭᠤᠯᠭ᠎ᠠ ᠪᠤᠶᠤ ᠵᠥᠪᠰᠢᠶᠡᠷᠡᠬᠦ ᠨᠥᠬᠦᠴᠡᠯ ᠪᠠ ᠮᠠᠲ᠋ᠧᠷᠢᠶᠠᠯ ᠤᠨ ᠱᠠᠭᠠᠷᠳᠠᠯᠭ᠎ᠠ᠂ ᠠᠮᠠᠯᠠᠯᠲᠠ ᠶᠢᠨ ᠠᠷᠭ᠎ᠠ ᠮᠠᠶ᠋ᠢᠭ᠂ ᠦᠨᠡᠨ ᠪᠣᠳᠠᠲᠠᠶ | ᠪᠤᠰᠤ ᠠᠮᠠᠯᠠᠯᠲᠠ ᠶᠢᠨ ᠡᠭᠦᠷᠭᠡᠯᠡᠵᠦ ᠮᠡᠳᠡᠬᠦ ᠢᠷᠭᠡᠨ ᠤ ᠬᠡᠷᠡᠭ᠂ ᠵᠠᠰᠠᠭ ᠵᠠᠬᠢᠷᠭᠠᠨ᠂ ᠡᠷᠡᠭᠦᠦ ᠶᠢᠨ ᠬᠠᠷᠢᠭᠤᠴᠠᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨᠠᠨ | ᠪᠠᠶᠢᠴᠠᠭᠠᠬᠤ ᠡᠷᠬᠡ᠂ ᠠᠮᠠᠯᠠᠯᠲᠠ ᠶᠢᠨ ᠪᠢᠴᠢᠭ ᠢ ᠢᠯᠡ ᠪᠣᠯᠭᠠᠭᠰᠠᠨ ᠡᠰᠡᠬᠦ᠂ ᠢᠯᠡ ᠪᠣᠯᠭᠠᠭᠰᠠᠨ ᠬᠡᠪᠴᠢᠶ᠎ᠡ ᠵᠢᠴᠢ ᠴᠠᠭ ᠤᠨ ᠬᠢᠵᠠᠭᠠᠷ ᠵᠡᠷᠭᠡ ᠶᠢ ᠪᠠᠭᠲᠠᠭᠠᠬᠤ | ᠬᠡᠷᠡᠭᠲᠡᠶ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠡᠮᠵᠢᠶᠡᠵᠢᠭᠦᠯᠵᠦ᠂ ᠬᠡᠷᠡᠭᠵᠢᠭᠦᠯᠬᠦ ᠳᠤ ᠬᠢᠯᠪᠡᠷ ᠪᠠᠶᠢᠯᠭᠠᠵᠤ᠂ | ᠪᠠᠯᠠᠷᠬᠠᠶ ᠲᠣᠭᠠᠴᠢᠯᠲᠠ ᠪᠤᠶᠤ ᠦᠨᠳᠦᠰᠦᠨ ᠵᠦᠢᠯ ᠢ ᠪᠠᠲᠤᠯᠠᠬᠤ ᠵᠦᠢᠯ ᠵᠤᠷᠪᠤᠰ ᠢ ᠪᠠᠭᠲᠠᠭᠠᠬᠤ ᠦᠭᠡᠢ ᠪᠠᠶᠢᠬᠤ ᠬᠡᠷᠡᠭᠲᠡᠶ᠃ ᠪᠢᠴᠢᠭ ᠤᠨ ᠠᠮᠠᠯᠠᠯᠲᠠ ᠶᠢᠨ | ᠠᠭᠤᠯᠭ᠎ᠠ ᠳᠤ ᠭᠤᠶᠤᠴᠢᠯᠠᠭᠴᠢ ᠶᠢᠨ ᠮᠡᠳᠡᠭᠳᠡᠭᠰᠡᠨ ᠵᠦᠢᠯᠡᠰ ᠢ ᠨᠢᠭᠡᠨᠲᠡ ᠮᠡᠳᠡᠭᠰᠡᠨ᠂ ᠬᠤᠯᠪᠣᠭᠳᠠᠯ ᠪᠦᠬᠦᠢ ᠨᠥᠬᠦᠴᠡᠯ ᠳᠤ ᠨᠢᠭᠡᠨᠲᠡ ᠨᠡᠶᠢᠴᠡᠭᠰᠡᠨ᠂ ᠦᠨᠡᠨ | ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠳᠤᠷᠠᠲᠠᠶ᠎ᠠ ᠡᠭᠦᠷᠭᠡᠯᠡᠬᠦ ᠵᠢᠴᠢ ᠠᠮᠠᠯᠠᠯᠲᠠ ᠶᠢᠨ ᠰᠠᠨᠠᠭᠠᠨ ᠤ ᠢᠯᠡᠳᠬᠡᠯᠲᠡ ᠨᠢ ᠦᠨᠡᠨ ᠪᠣᠳᠠᠲᠠᠶ | ᠪᠠᠶᠢᠬᠤ ᠵᠡᠷᠭᠡ ᠶᠢ ᠪᠠᠭᠲᠠᠭᠠᠬᠤ ᠬᠡᠷᠡᠭᠲᠡᠶ᠃ | | ᠭᠤᠶᠤᠴᠢᠯᠠᠭᠴᠢ ᠭᠤᠶᠤᠴᠢᠯᠠᠯ ᠢᠶᠠᠨ ᠨᠢᠭᠤᠷᠳᠡᠨ ᠲᠤᠰᠢᠶᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠭᠳᠡᠬᠦ ᠠᠮᠠᠯᠠᠯᠲᠠ ᠶᠢᠨ ᠪᠢᠴᠢᠭ ᠢ | ᠲᠤᠬᠠᠶ ᠶᠢᠨ ᠲᠠᠯᠠᠪᠤᠷ ᠲᠤᠨᠢ ᠣᠯᠭᠤᠬᠤ ᠬᠡᠷᠡᠭᠲᠡᠶ︔ ᠭᠤᠶᠤᠴᠢᠯᠠᠭᠴᠢ ᠵᠠᠬᠢᠳᠠᠯ᠂ ᠹᠠᠺᠰ ᠪᠠ ᠡᠯᠧᠺᠲᠷᠣᠨ ᠰᠢᠦᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ | ᠭᠤᠶᠤᠴᠢᠯᠠᠯ ᠭᠠᠷᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠢ ᠣᠯᠤᠭᠰᠠᠨ ᠤ ᠲᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ ᠮᠡᠳᠡᠭᠳᠡᠬᠦ | ᠠᠮᠠᠯᠠᠯᠲᠠ ᠶᠢᠨ ᠪᠢᠴᠢᠭ ᠢᠶᠠᠨ ᠭᠤᠶᠤᠴᠢᠯᠠᠭᠴᠢ ᠳᠤ ᠬᠦᠷᠭᠡᠵᠦ ᠥᠭᠬᠦ ᠬᠡᠷᠡᠭᠲᠡᠶ᠃ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠶᠢᠨ ᠪᠢᠴᠢᠭ ᠢ ᠣᠯᠤᠭᠰᠠᠨ ᠤ | ᠲᠠᠷᠠᠭ᠎ᠠ᠂ ᠠᠮᠠᠯᠠᠯᠲᠠ ᠬᠢᠬᠦ ᠳᠤᠷᠠᠲᠠᠶ ᠪᠠᠶᠢᠪᠠᠯ᠂ ᠮᠡᠳᠡᠭᠳᠡᠭᠰᠡᠨ ᠬᠤᠭᠤᠴᠠᠭᠠᠨ ᠳᠤ ᠱᠠᠭᠠᠷᠳᠠᠯᠭ᠎ᠠ ᠶᠣᠰᠣᠭᠠᠷ ᠠᠮᠠᠯᠠᠯᠲᠠ ᠶᠢᠨ ᠪᠢᠴᠢᠭ ᠢ ᠲᠠᠭᠯᠠᠨ ᠪᠢᠴᠢᠬᠦ ᠶᠢᠨ | ᠬᠠᠮᠲᠤ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠤ ᠲᠠᠷᠠᠭ᠎ᠠ᠂ ᠠᠮᠠᠯᠠᠯᠲᠠ ᠶᠢᠨ ᠪᠢᠴᠢᠭ ᠢᠶᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠤᠰᠢᠶᠠᠬᠤ ᠬᠡᠷᠡᠭᠲᠡᠶ᠃ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠠᠵᠢᠯ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ | |