ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠬᠤᠷᠢᠨ ᠭᠤᠷᠪᠠᠳᠤᠭᠠᠷ ᠪᠦᠯᠦᠭ ᠤᠨ 88 ᠬᠤᠪᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠭᠦᠢᠴᠡᠳᠬᠡᠭᠰᠡᠨ ᠪᠠᠶᠢᠳᠠᠯ
  
2022/4/29
            3 ᠰᠠᠷ᠎ᠠ ᠶᠢᠨ26   ᠡᠳᠦᠷ ᠠᠴᠠ 4 ᠰᠠᠷ᠎ᠠ ᠶᠢᠨ 25 ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ  (ᠳᠣᠷᠣᠭᠰᠢ ︽ᠲᠥᠪ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ︾ ᠭᠡᠵᠦ ᠳᠥᠭᠦᠮᠴᠢᠯᠡᠨ᠎ᠡ ) ᠮᠠᠨ ᠤ ᠣᠷᠣᠨ ᠳᠤ 31 ᠪᠦᠯᠦᠭ ᠨᠡᠶᠢᠲᠡ 2724 ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠵᠠᠢ᠃ ᠲᠥᠪ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠣᠳᠣᠬᠠᠨ ᠳᠤ᠂ ᠪᠥᠬᠦ ᠣᠷᠣᠨ ᠢᠶᠠᠷ ᠢᠶᠠᠨ ᠬᠤᠷᠢᠨ ᠭᠤᠷᠪᠠᠳᠤᠭᠠᠷ ᠪᠦᠯᠦᠭ ᠤᠨ 88 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠵᠦ ᠪᠣᠢ᠂ ᠡᠭᠦᠨ ᠳᠤ 31 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 34 ᠬᠤᠪᠢ ᠶᠢ ᠨᠢ ᠱᠠᠲᠤᠴᠢ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 23 ᠬᠤᠪᠢ ᠶᠢ ᠨᠢ ᠬᠠᠷᠠᠬᠠᠨ ᠰᠢᠢᠳᠪᠦᠷᠢᠯᠡᠵᠦ ᠪᠠᠷᠠᠭᠠᠳᠤᠢ᠂ 5 ᠬᠤᠪᠢ ᠶᠢ ᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 3 ᠬᠤᠪᠢ ᠶᠢ ᠨᠢ ᠬᠡᠷᠡᠭ ᠪᠣᠯᠭᠠᠨ ᠳᠠᠩᠰᠠᠯᠠᠨ ᠰᠢᠢᠳᠬᠡᠵᠦ᠂ ᠵᠣᠭᠤᠰ ᠢᠶᠠᠷ ᠲᠣᠷᠭᠠᠭᠰᠠᠨ ᠮᠥᠩᠭᠦᠨ ᠤ ᠲᠤᠭ᠎ᠠ ᠨᠢ 5.3398 ᠲᠦᠮᠡᠨ ᠲᠥᠭᠦᠷᠢᠭ ᠪᠣᠯᠣᠨ᠎ᠠ᠃        4 ᠰᠠᠷ᠎ᠠ ᠶᠢᠨ 25 ᠤ ᠡᠳᠦᠷ ᠪᠣᠯᠲᠠᠯ᠎ᠠ᠂ ᠪᠥᠬᠦ ᠣᠷᠣᠨ ᠢᠶᠠᠷ ᠢᠶᠠᠨ ᠨᠢᠭᠡᠨᠲᠡ 1 — 23 ᠳ᠋ᠤᠭᠠᠷ ᠪᠦᠯᠦᠭ ᠤᠨ 1927 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠵᠦ ᠪᠣᠢ᠂ ᠡᠭᠦᠨ ᠳᠤ᠂ 734 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 705 ᠬᠤᠪᠢ ᠶᠢ ᠨᠢ ᠱᠠᠲᠤᠴᠢ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 488 ᠬᠤᠪᠢ ᠶᠢ ᠨᠢ ᠬᠠᠷᠠᠬᠠᠨ ᠰᠢᠢᠳᠪᠦᠷᠢᠯᠡᠵᠦ ᠪᠠᠷᠠᠭᠠᠳᠤᠢ᠂ 789 ᠬᠤᠪᠢ ᠶᠢ ᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 101 ᠬᠤᠪᠢ ᠶᠢ ᠨᠢ ᠬᠡᠷᠡᠭ ᠪᠣᠯᠭᠠᠨ ᠳᠠᠩᠰᠠᠯᠠᠨ ᠰᠢᠢᠳᠬᠡᠵᠦ᠂ ᠵᠣᠭᠤᠰ ᠢᠶᠠᠷ ᠲᠣᠷᠭᠠᠭᠰᠠᠨ ᠮᠥᠩᠭᠦᠨ ᠤ ᠲᠤᠭ᠎ᠠ ᠨᠢ 714.076 ᠲᠦᠮᠡᠨ ᠲᠥᠭᠦᠷᠢᠭ ᠪᠠᠶᠢᠵᠤ᠂ 38 ᠬᠡᠷᠡᠭ ᠢ ᠬᠡᠷᠡᠭ ᠪᠣᠯᠭᠠᠨ ᠳᠠᠩᠰᠠᠯᠠᠵᠤ ᠲᠠᠩᠨᠠᠨ ᠪᠠᠶᠢᠴᠠᠭᠠᠵᠤ᠂ 12 ᠬᠥᠮᠥᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ 68 ᠬᠥᠮᠥᠨ ᠲᠠᠢ ᠪᠣᠯᠵᠣᠨ ᠶᠠᠷᠢᠯᠴᠠᠵᠤ᠂ 67 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠪᠡ᠃        ᠲᠥᠪ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠬᠡᠷᠡᠭ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ ᠪᠠᠶᠢᠨ᠎ᠠ᠃      
          