| 4 ᠰᠠᠷ᠎ᠠ ᠶᠢᠨ 26 ᠤ ᠡᠳᠦᠷ᠂ ᠤᠷᠠᠳ ᠤᠨ ᠬᠤᠶᠢᠲᠤ ᠬᠤᠰᠢᠭᠤᠨ ᠤ ᠣᠤ ᠶᠢᠨ ᠭᠤᠤᠯ ᠰᠤᠮᠤ 2022 ᠣᠨ ᠤ ᠲᠠᠷᠢᠶᠠᠯᠠᠩ ᠤᠨ | ᠭᠤᠤᠯᠳᠠᠯᠭ᠎ᠠ ᠲᠠᠢ ᠲᠥᠷᠥᠯ ᠵᠤᠶᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠶᠠᠪᠤᠭᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤᠨᠲ᠋ᠠᠷᠤᠭᠠ ᠡᠷᠬᠢᠨ᠂ ᠬᠤᠰᠢᠭᠤᠨ ᠤ ᠤᠳᠤᠷᠢᠳᠤᠯᠭ᠎ᠠ ᠵᠤ᠋ ᠶᠢᠨ ᠽᠧ᠂ ᠨᠠᠷᠠᠰᠤ᠂ ᠸᠠᠩ ᠰᠢᠶᠤᠤ ᠶᠠᠨ᠂ ᠶᠢᠨ ᠳ᠋ᠦᠩ᠂ ᠯᠢ ᠴᠢᠶᠠᠩ᠂ ᠵᠠᠩ ᠬᠠᠶ ᠹᠧᠩ | ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃ | ᠲᠣᠰ ᠤᠳᠠᠭᠠᠨ ᠤ ᠲᠥᠪᠯᠡᠷᠡᠭᠦᠯᠦᠨ ᠡᠬᠢᠯᠡᠭᠦᠯᠦᠭᠰᠡᠨ ᠲᠥᠷᠥᠯ ᠵᠤᠶᠢᠯ ᠳᠤ ᠲᠦᠮᠡᠨ ᠮᠥ ᠤᠰᠤ ᠪᠣᠷᠲᠣᠭᠤᠷ ᠢ ᠨᠢᠭᠡ ᠴᠤᠭᠴᠠᠵᠢᠭᠤᠯᠤᠭᠰᠠᠨ ᠣᠲᠣ | ᠦᠶ᠎ᠡ ᠶᠢᠨ ᠲᠠᠷᠢᠮᠠᠯ ᠤᠨ ᠵᠢᠱᠢᠶ᠎ᠡ ᠦᠵᠡᠭᠦᠯᠬᠦ ᠲᠣᠭᠤᠷᠢᠭ᠂ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ | ᠴᠤᠤ ᠲᠢᠶᠠᠨ ᠵᠢᠶᠤᠤ ᠲᠠᠷᠢᠮᠠᠯ ᠤᠨ ᠲᠥᠷᠥᠯ ᠵᠤᠶᠢᠯ ᠢ ᠪᠠᠭᠲᠠᠭᠠᠵᠤ᠂ ᠨᠡᠶᠢᠲᠡ 3000 ᠲᠦᠮᠡᠨ ᠲᠥᠭᠦᠷᠢᠭ ᠤᠨ ᠪᠠᠯᠠ ᠣᠷᠣᠭᠤᠯᠤᠨ᠎ᠠ᠃ ᠪᠦᠲᠦᠭᠡᠨ | ᠪᠠᠶᠢᠭᠤᠯᠬᠤ ᠵᠦᠢᠯᠡᠰ ᠢ ᠪᠠᠶᠢᠭᠤᠯᠤᠭᠰᠠᠨ ᠤ ᠳᠠᠷᠠᠭ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠤᠯᠠᠮ ᠨᠢᠭᠡ ᠠᠯᠬᠤᠮ ᠲᠣᠬᠢᠷᠠᠭᠤᠯᠵᠤ᠂ | ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠎ᠡ᠃ | 2021 ᠣᠨ ᠠᠴᠠ ᠨᠠᠰᠢ᠂ ᠣᠤ ᠶᠢᠨ ᠭᠤᠤᠯ ᠰᠤᠮᠤ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠶᠡᠷᠦᠩᠬᠡᠶᠢᠯᠡᠭᠰᠡᠨ ᠠᠵᠤ | ᠠᠬᠤᠶ ᠶᠢᠨ ᠪᠣᠳᠠᠲᠤ ᠬᠦᠴᠦᠨ ᠤ ᠲᠠᠯ᠎ᠠ ᠪᠠᠷ ᠰᠢᠨ᠎ᠡ ᠬᠤᠶᠢᠲᠤ ᠬᠤᠰᠢᠭᠤ ᠶᠢ ᠳᠠᠬᠢᠨ ᠪᠠᠶᠢᠭᠤᠯᠬᠤ︾ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠣᠲᠣ ᠦᠶ᠎ᠡ ᠶᠢᠨ ᠪᠣᠬᠢᠷᠲᠤᠯ ᠥᠬᠡᠶ ᠲᠠᠷᠢᠮᠠᠯ ᠤᠨ ᠤᠶᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ︾ ᠪᠠᠷ | ᠬᠠᠷᠠᠯᠲᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠠᠵᠤ ᠦᠶ᠋ᠯᠡᠰ ᠢ ᠬᠥᠭᠵᠢᠭᠦᠯᠦᠨ ᠮᠠᠨᠳᠤᠭᠤᠯᠵᠤ᠂ | ᠬᠠᠷᠢᠶ᠎ᠠ ᠣᠷᠣᠨ ᠳᠠᠭᠠᠨ ᠤᠰᠤ ᠪᠣᠷᠳᠣᠭᠤᠷ ᠢ ᠨᠢᠭᠡ ᠴᠣᠠᠠᠴᠠᠵᠢᠭᠤᠯᠥᠠᠰᠠᠨ ᠣᠲᠣ ᠦᠶ᠎ᠡ ᠶᠢᠨ ᠲᠠᠷᠢᠮᠠᠯ ᠤᠨ ᠵᠢᠱᠢᠶ᠎ᠡ ᠦᠵᠡᠭᠦᠯᠬᠦ ᠲᠣᠭᠤᠷᠢᠭ᠂ ᠪᠡᠯᠡᠳᠭᠡᠮᠵᠢᠳᠤ | ᠲᠠᠷᠢᠶᠠᠯᠠᠩ ᠤᠨ ᠣᠲᠣ ᠦᠶ᠎ᠡ ᠶᠢᠨ ᠠᠵᠤ ᠤᠶᠢᠯᠡᠰ ᠤᠨ ᠬᠦᠷᠢᠶᠡᠯᠡᠩ ᠪᠣᠯᠤᠨ ᠴᠤᠤ ᠲᠢᠶᠠᠨ ᠵᠢᠶᠤᠤ ᠤᠨᠴᠠᠯᠢᠭᠳᠤ ᠲᠠᠷᠢᠮᠠᠯ ᠤᠨ ᠲᠥᠷᠥᠯ ᠵᠤᠶᠢᠯ ᠢ ᠨᠢᠭᠡᠳᠦᠯᠲᠡᠶ | ᠲᠥᠯᠥᠪᠯᠡᠨ ᠬᠡᠷᠡᠭᠵᠢᠭᠦᠯᠪᠡ᠃ ᠡᠨᠡ ᠭᠤᠷᠪᠠᠨ ᠲᠥᠷᠥᠯ ᠵᠤᠶᠢᠯᠢ ᠬᠡᠷᠡᠭᠵᠢᠭᠦᠯᠦᠭᠰᠡᠨ ᠨᠢ᠂ ᠥᠪᠴᠢ ᠰᠤᠮᠤ ᠶᠢᠨ ᠲᠠᠷᠢᠶᠠᠯᠠᠩ ᠤᠨ ᠠᠵᠤ ᠦᠶ᠋ᠯᠡᠰ ᠤᠨ | ᠬᠡᠪᠴᠢᠶᠡᠵᠢᠭᠦᠯᠦᠨ ᠳᠠᠷᠢᠬᠤ᠂ ᠮᠠᠰᠢᠨᠴᠢᠯᠠᠨ ᠠᠵᠢᠯᠯᠠᠬᠤ᠂ ᠪᠠᠷᠢᠮᠵᠢᠶᠠᠵᠢᠭᠤᠯᠤᠨ ᠦᠶ᠋ᠯᠡᠳᠪᠦᠷᠢᠯᠡᠬᠦ᠂ ᠨᠠᠷᠠᠲᠤ ᠲᠡᠮᠳᠡᠭᠵᠢᠭᠦᠯᠦᠨ ᠪᠣᠷᠣᠯᠠᠭᠤᠯᠬᠤ ᠴᠢᠭᠯᠡᠯ ᠢᠶᠠᠷ | ᠬᠥᠭᠵᠢᠬᠦ ᠶᠢ ᠦᠨᠡᠨ ᠬᠦ ᠳᠥᠯᠭᠢᠨ ᠠᠬᠢᠭᠤᠯᠬᠤ ᠪᠣᠯᠤᠨ᠎ᠠ᠃ | ᠣᠤ ᠶᠢᠨ ᠭᠤᠤᠯ ᠰᠤᠮᠤ ᠶᠢᠨ ᠤᠰᠤ ᠪᠣᠷᠲᠣᠭᠤᠷ ᠢ ᠨᠢᠭᠡ ᠴᠤᠭᠴᠠᠵᠢᠭᠤᠯᠤᠭᠰᠠᠨ ᠣᠲᠣ ᠦᠶ᠎ᠡ ᠶᠢᠨ ᠲᠠᠷᠢᠮᠠᠯ ᠤᠨ ᠵᠢᠱᠢᠶ᠎ᠡ ᠦᠵᠡᠭᠦᠯᠬᠦ | ᠲᠣᠭᠤᠷᠢᠭ ᠤᠨ ᠲᠥᠷᠥᠯ ᠵᠤᠶᠢᠯ ᠤᠨ ᠨᠢᠭᠡᠳᠦᠭᠡᠷ ᠬᠤᠭᠤᠴᠠᠭᠠᠨ ᠤ ᠲᠥᠷᠥᠯ ᠵᠤᠶᠢᠯ ᠳᠤ 6000 ᠮᠥ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠵᠤ | ᠡᠵᠡᠩᠨᠡᠭᠦᠯᠵᠦ᠂ ᠬᠤᠶᠠᠳᠤᠭᠠᠷ ᠬᠤᠭᠤᠴᠠᠭᠠᠨ ᠤ ᠲᠥᠷᠥᠯ ᠵᠤᠶᠢᠯ ᠳᠤ 4000 ᠮᠥ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠵᠤ ᠡᠵᠡᠩᠨᠡᠭᠦᠯᠬᠦ ᠶᠢ | ᠪᠡᠶᠡᠯᠡᠭᠦᠯᠦᠨ᠎ᠡ᠃ ᠲᠠᠷᠢᠶᠠᠯᠠᠩ ᠤᠨ ᠲᠤᠯᠤᠭᠠᠶᠢᠯᠠᠭᠴᠢ ᠠᠵᠤ ᠠᠬᠤᠶᠢᠯᠠᠯ ᠤᠨ ᠵᠥᠩ ᠬᠤᠸᠠ ᠣᠲᠣ ᠦᠶ᠎ᠡ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢ | ᠣᠷᠣᠭᠤᠯᠤᠨ ᠠᠪᠴᠢᠷᠠᠵᠤ ᠨᠠᠶᠢᠳᠠᠨ ᠬᠠᠮᠢᠶᠠᠷᠤᠭᠤᠯᠬᠤ ᠬᠠᠮᠲᠤᠷᠠᠯᠴᠠᠭ᠎ᠠ ᠬᠢᠬᠦ ᠪᠠᠷ ᠳᠡᠮᠵᠢᠨ᠂ ᠪᠠᠶᠠᠨᠨᠠᠭᠤᠷ ᠭᠠᠴᠠᠭ᠎ᠠ᠂ ᠬᠦᠭᠡᠨ᠋ᠦ᠋ᠠᠲᠤᠷ ᠭᠠᠴᠠᠭ᠎ᠠ᠂ ᠪᠠᠶ᠋ᠬᠠᠭᠤᠯᠨ᠂ | ᠪᠠᠶᠠᠨᠲᠠᠯ᠎ᠠ ᠭᠠᠴᠠᠭ᠎ᠠ ᠵᠢᠴᠢ ᠾᠧ ᠹᠧᠩ ᠲᠣᠰᠬᠤᠨ ᠵᠡᠷᠭᠡ 5 ᠭᠠᠴᠠᠭ᠎ᠠ ᠲᠣᠰᠬᠤᠨ ᠢ ᠬᠠᠮᠤᠷᠪᠠ᠃ ᠣᠤ ᠶᠢᠨ ᠭᠤᠤᠯ ᠰᠤᠮᠤ ᠶᠢᠨ ᠪᠡᠯᠡᠳᠭᠡᠮᠵᠢᠳᠤ | ᠲᠠᠷᠢᠶᠠᠯᠠᠩ ᠤᠨ ᠣᠲᠣ ᠦᠶ᠎ᠡ ᠶᠢᠨ ᠠᠵᠤ ᠤᠶᠢᠯᠡᠰ ᠤᠨ ᠬᠦᠷᠢᠶᠡᠯᠡᠩ ᠤᠨ ᠲᠥᠷᠥᠯ ᠵᠤᠶᠢᠯ ᠤᠨ ᠶᠡᠷᠦᠩᠬᠡᠶ ᠲᠠᠯᠠᠪᠠᠶ ᠨᠢ 1010 ᠮᠥ ᠪᠠᠶᠢᠵᠤ᠂ 1900 ᠰᠠᠭᠤᠷᠢ | ᠪᠣᠯᠣᠳ ᠭᠤᠯᠳᠤᠩ ᠰᠠᠷᠠᠪᠴᠢ ᠪᠠᠶᠢᠭᠤᠯᠵᠤ᠂ ᠨᠡᠶᠢᠲᠡ 1800 ᠲᠦᠮᠡᠨ ᠲᠥᠭᠦᠷᠢᠭ ᠤᠨ ᠪᠠᠯᠠ ᠣᠷᠣᠭᠤᠯᠤᠨ᠎ᠠ᠃ ᠲᠥᠷᠥᠯ ᠵᠤᠶᠢᠯ ᠢ ᠬᠡᠷᠡᠭᠵᠢᠭᠦᠯᠬᠦ ᠳᠤ | ᠪᠣᠬᠢᠷᠲᠤᠯ ᠥᠬᠡᠶ ᠴᠢᠨᠠᠷ ᠰᠠᠶᠢᠲᠠᠶ ᠭᠥᠷᠥᠭᠡᠰᠦ ᠶᠢᠨ ᠲᠠᠷᠪᠤᠰ ᠳᠠᠷᠢᠵᠤ᠂ ︽ᠠᠵᠤ ᠠᠬᠤᠶᠢᠯᠠᠯ + ᠲᠠᠷᠢᠶᠠᠴᠢᠨ ᠡᠷᠦᠬᠡ + ᠰᠠᠭᠤᠷᠢᠨ ᠭᠠᠵᠠᠷ︾ ᠤᠨ ᠠᠵᠤ | ᠦᠶᠢᠯᠡᠰᠵᠢᠯᠲᠡ ᠶᠢᠨ ᠵᠠᠭᠪᠤᠷ ᠢ ᠬᠡᠷᠡᠭᠯᠡᠨ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠪᠤᠷᠢᠲᠠᠶ ᠲᠣᠭᠲᠠᠴᠠ ᠶᠢ ᠪᠠᠶᠢᠭᠤᠯᠤᠨ᠎ᠠ᠃ | 89 ᠡᠷᠦᠬᠡ ᠶᠢᠨ 269 ᠮᠠᠯᠴᠢᠨ ᠲᠠᠷᠢᠶᠠᠴᠢᠨ ᠪᠣᠯᠤᠨ ᠲᠠᠭᠠᠭᠤᠯᠤᠭᠴᠢ ᠶᠢᠨ ᠠᠵᠤ ᠠᠬᠤᠶᠢᠯᠠᠯ ᠤᠨ ᠬᠤᠭᠤᠷᠣᠨᠳᠣ ᠠᠰᠢᠭ ᠲᠤᠰᠠ ᠶᠢᠨ ᠬᠠᠮᠲᠤ ᠶᠢᠨ | ᠴᠣᠭᠴᠠ ᠶᠢ ᠪᠦᠷᠢᠯᠳᠦᠭᠦᠯᠦᠨ᠎ᠡ᠃ ᠣᠤ ᠶᠢᠨ ᠭᠤᠤᠯ ᠰᠤᠮᠤ ᠶᠢᠨ ᠴᠤᠤ ᠲᠢᠶᠠᠨ ᠵᠢᠶᠤᠤ ᠤᠨᠴᠠᠯᠢᠬᠳᠤ ᠲᠠᠷᠢᠮᠠᠯ ᠤᠨ ᠲᠦᠷᠦᠯ ᠵᠦᠢᠯ ᠤᠨ ᠶᠡᠷᠦᠩᠬᠡᠢ ᠭᠠᠵᠠᠷ ᠨᠢ | 1726 ᠮᠦ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 540 ᠲᠦᠮᠡᠨ ᠲᠥᠭᠦᠷᠢᠭ ᠲᠤ ᠬᠦᠷᠴᠦ᠂ ᠠᠰᠢᠭᠯᠠᠯᠲᠠ ᠳᠤ ᠤᠷᠤᠭᠰᠠᠨ ᠤ ᠳᠠᠷᠠᠭ᠎ᠠ ︽ᠭᠠᠵᠠᠷ | ᠰᠢᠷᠣᠢ ᠶᠢ ᠡᠷᠭᠢᠯᠲᠡ ᠳᠤ ᠣᠷᠣᠭᠤᠯᠬᠤ᠂ ᠠᠵᠤ ᠠᠬᠤᠶᠢᠯᠠᠯ ᠢ ᠡᠵᠡᠩᠨᠡᠭᠦᠯᠬᠦ︾ ᠵᠠᠭᠪᠤᠷ ᠢ ᠬᠡᠷᠡᠭᠯᠡᠵᠡᠢ᠃ ᠲᠦᠷᠦᠯ ᠵᠦᠢᠯ ᠤᠨ ᠪᠠᠶᠢᠭᠤᠯᠤᠯᠲᠠ ᠨᠢ ᠵᠠᠬ᠎ᠠ | ᠳᠡᠯᠭᠡᠭᠦᠷ ᠲᠤ ᠠᠮᠢ ᠠᠬᠤᠢ ᠶᠢᠨ᠂ ᠠᠮᠤᠷ ᠲᠦᠪᠰᠢᠨ᠂ ᠪᠣᠬᠢᠷᠲᠤᠯ ᠦᠭᠡᠢ᠂ ᠴᠢᠨᠠᠷ ᠰᠠᠶᠢᠲᠠᠢ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠬᠠᠩᠭᠠᠵᠤ᠂ ᠵᠢᠵᠢᠭ | ᠮᠥᠷᠲᠡᠭᠡᠨ ᠣᠨᠴᠠᠭᠠᠢ᠂ ᠵᠢᠵᠢᠭ ᠮᠥᠷᠲᠡᠭᠡᠨ ᠰᠢᠯᠢᠳᠡᠭ᠂ ᠵᠢᠵᠢᠭ ᠮᠥᠷᠲᠡᠭᠡᠨ ᠨᠠᠷᠢᠯᠢᠭ ᠤᠨᠴᠠᠯᠢᠭᠳᠤ ᠲᠠᠷᠢᠮᠠᠯ ᠤᠨ ᠰᠢᠨ᠎ᠡ ᠵᠠᠮ ᠢ ᠨᠡᠭᠡᠭᠡᠬᠦ ᠪᠣᠯᠤᠨ᠎ᠠ᠃ | | |