ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠤᠬᠠᠢ ᠡᠨᠡ ᠤᠳᠠᠭᠠᠨ ᠤ ᠬᠤᠷᠠᠯ ᠳᠠᠬᠢ ᠮᠡᠳᠡᠭᠡ ᠨᠡᠯᠢᠶᠡᠳ ᠶᠡᠭᠡ ᠪᠠᠶᠢᠨ᠎ᠠ︕
ᠨᠡᠶᠢᠲᠡᠯᠡᠭᠰᠡᠨ ᠴᠠᠭ᠄
2022/4/30
       ᠲᠦᠷᠦ ᠶᠢᠨ ᠪᠣᠳᠣᠯᠭ᠎ᠠ Q&A      ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 4 ᠳ᠋ᠦ᠋ᠭᠡᠷ ᠰᠠᠷ᠎ᠠ ᠶᠢᠨ 25 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯ ᠬᠤᠷᠠᠯ ᠬᠢᠵᠦ᠂ ︽ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖ ᠶᠠᠭᠠᠬᠢᠵᠤ ᠳᠠᠩᠰᠠ ᠪᠠᠶᠢᠭᠤᠯᠵᠤ᠂ ᠶᠠᠭᠠᠬᠢᠵᠤ ᠭᠠᠷᠭᠠᠨ ᠠᠪᠬᠤ ᠪᠤᠢ︖ ᠬᠠᠮᠲᠤ ᠪᠠᠷ ᠠᠩᠬᠠᠷᠴᠠᠭᠠᠶ᠎ᠠ ︕      Q1      Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠶ︖      A᠄ ᠲᠥᠪ ᠠᠴᠠ ᠲᠣᠳᠣᠷᠬᠠᠢ ᠱᠠᠭᠠᠷᠳᠠᠭᠰᠠᠨ ᠨᠢ᠂ ᠮᠠᠨ ᠤ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠣᠯᠠᠨ ᠤᠯᠤᠰ ᠤᠨ ᠲᠤᠷᠰᠢᠯᠭ᠎ᠠ ᠪᠠᠷ ᠲᠣᠯᠢᠯᠠᠵᠤ ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠷ ᠰᠠᠭᠤᠷᠢᠯᠠᠭᠰᠠᠨ ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠪᠠᠷ ᠨᠥᠬᠦᠪᠦᠷᠢᠯᠡᠭᠰᠡᠨ ᠂ ᠬᠤᠪᠢ ᠬᠥᠮᠥᠨ ᠤ ᠬᠠᠳᠠᠭᠠᠯᠠᠮᠵᠢ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠠᠢ ᠵᠣᠯᠭᠠᠭᠤᠯᠤᠭᠰᠠᠨ ︽ᠭᠤᠷᠪᠠᠨ ᠲᠤᠯᠭᠠᠭᠤᠷᠢᠲᠤ︾ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃      ᠨᠢᠭᠡᠳᠦᠭᠡᠷ ᠲᠤᠯᠭᠠᠭᠤᠷᠢ ᠨᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠᠶᠢᠵᠤ ᠂ ᠬᠤᠳᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠠᠭᠲᠠᠭᠠᠨ᠎ᠠ᠃ ᠨᠢᠭᠡᠳᠦᠭᠡᠷ ᠲᠤᠯᠭᠠᠭᠤᠷᠢ ᠨᠢ ᠭᠤᠣᠯᠳᠠᠭᠤ ᠦᠨᠳᠦᠰᠦᠨ ᠵᠦᠢᠯ ᠢ ᠪᠠᠲᠤᠯᠠᠬᠤ ᠳᠤ ᠰᠠᠭᠤᠷᠢᠯᠠᠵᠤ᠂ ᠨᠡᠶᠢᠭᠡᠮ ᠠᠴᠠ ᠨᠢᠭᠡᠳᠦᠯᠲᠡᠢ ᠴᠤᠭᠯᠠᠭᠤᠯᠬᠤ ᠪᠠ ᠬᠤᠪᠢ ᠬᠥᠮᠥᠨ ᠤ ᠲᠠᠩᠰᠠᠨ ᠡᠷᠦᠭᠡ ᠶᠢ ᠤᠶᠠᠯᠳᠤᠭᠤᠯᠬᠤ ᠵᠠᠭᠪᠤᠷ ᠢ ᠬᠡᠷᠡᠭᠯᠡᠵᠦ ᠂ ᠭᠤᠣᠯᠳᠠᠭᠤ ᠨᠡᠶᠢᠭᠡᠮ ᠤᠨ ᠬᠠᠷᠢᠯᠴᠠᠨ ᠲᠤᠰᠠᠯᠠᠯᠴᠠᠬᠤ ᠶᠢ ᠬᠠᠷᠠᠭᠤᠯᠤᠨ᠎ᠠ᠃ ᠣᠳᠣᠬᠠᠨ ᠳᠤ ᠡᠨᠡ ᠬᠦ ᠳᠦᠷᠢᠮ ᠤᠨ ᠬᠥᠭᠵᠢᠯᠲᠡ ᠨᠢ ᠬᠠᠷᠢᠴᠠᠩᠭᠤᠢ ᠨᠡᠯᠢᠶᠡᠳ ᠲᠡᠭᠦᠯᠳᠡᠷᠵᠢᠵᠦ᠂ ᠬᠠᠷᠢᠴᠠᠩᠭᠤᠢ ᠪᠦᠷᠢᠨ ᠲᠥᠬᠦᠷ ᠳᠦᠷᠢᠮ ᠤᠨ ᠲᠣᠭᠲᠠᠯᠴᠠᠭ᠎ᠠ ᠶᠢ ᠪᠦᠷᠢᠯᠳᠦᠭᠦᠯᠦᠭᠰᠡᠨ ᠪᠥᠭᠡᠳ ᠬᠠᠮᠤᠷᠬᠤ ᠬᠡᠪᠴᠢᠶ᠎ᠡ ᠨᠢ ᠴᠦ ᠦᠷᠭᠦᠯᠵᠢᠯᠡᠨ ᠥᠷᠭᠡᠵᠢᠵᠦ ᠪᠠᠶᠢᠨ᠎ᠠ ᠃ 3 ᠳ᠋ᠤᠭᠠᠷ ᠰᠠᠷ᠎ᠠ ᠶᠢᠨ ᠡᠴᠦᠰ ᠲᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 10.3 ᠳ᠋ᠦᠩᠰᠢᠭᠤᠷ ᠲᠤ ᠬᠥᠷᠥᠭᠰᠡᠨ ᠤ ᠬᠠᠮᠲᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠨ ᠤ ᠣᠷᠣᠯᠭ᠎ᠠ ᠵᠠᠷᠤᠯᠭ᠎ᠠ ᠶᠢᠨ ᠬᠡᠪᠴᠢᠶ᠎ᠡ 12.6 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ ᠦᠯᠡᠳᠡᠪᠦᠷᠢ ᠨᠢ 6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠠᠭᠤᠷᠢ ᠮᠥᠩᠭᠦ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠣᠯᠭᠤᠮᠵᠢ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠲᠠᠷᠬᠠᠭᠠᠭᠰᠠᠨ ᠪᠢᠯᠡ ᠃      ᠬᠤᠶᠠᠳᠤᠭᠠᠷ ᠲᠤᠯᠭᠠᠭᠤᠷᠢ ᠨᠢ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠪᠠᠶᠢᠵᠤ ᠂ ᠲᠡᠷᠡ ᠨᠢ ᠭᠤᠣᠯᠳᠠᠭᠤ ᠨᠥᠬᠦᠪᠦᠷᠢᠯᠡᠬᠦ ᠦᠢᠯᠡᠳᠦᠯ ᠢ ᠪᠠᠳᠠᠷᠠᠭᠤᠯᠵᠤ᠂ ᠬᠥᠮᠥᠨ ᠬᠡᠷᠡᠭᠯᠡᠬᠦ ᠨᠢᠭᠡᠴᠢ ᠵᠢᠴᠢ ᠲᠡᠭᠦᠨ ᠤ ᠠᠵᠢᠯᠲᠠᠨ ᠠᠵᠢᠯᠴᠢᠨ ᠪᠠᠶᠢᠭᠤᠯᠵᠤ᠂ ᠮᠠᠰᠢ ᠰᠠᠶᠢᠨ ᠬᠥᠭᠵᠢᠯᠲᠡ ᠶᠢᠨ ᠰᠠᠭᠤᠷᠢ ᠲᠠᠢ ᠪᠣᠯᠪᠠ ᠃ 3 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠳᠤ ᠣᠷᠣᠯᠴᠠᠭᠰᠠᠨ ᠠᠵᠢᠯᠲᠠᠨ ᠠᠵᠢᠯᠴᠢᠨ 7200 ᠲᠦᠮᠡ ᠪᠠᠶᠢᠵᠤ᠂ 4.5 ᠲᠦᠮᠡᠨ ᠳ᠋ᠦᠩᠰᠢᠭᠤᠷ ᠲᠥᠭᠦᠷᠢᠭ ᠤᠨ ᠰᠠᠭᠤᠷᠢ ᠮᠥᠩᠭᠦ ᠬᠤᠷᠠᠮᠳᠤᠭᠤᠯᠵᠤ᠂ ᠨᠠᠰᠤᠵᠢᠯ ᠤᠨ ᠠᠰᠠᠷᠠᠮᠵᠢ ᠶᠢ ᠨᠥᠬᠦᠪᠦᠷᠢᠯᠡᠬᠦ ᠦᠢᠯᠡᠳᠦᠯ ᠨᠢ ᠠᠩᠬ᠎ᠠ ᠠᠯᠬᠤᠮ ᠢᠯᠡᠷᠡᠪᠡ ᠃      ᠭᠤᠷᠪᠠᠳᠤᠭᠠᠷ ᠲᠤᠯᠭᠠᠭᠤᠷᠢ ᠨᠢ ᠡᠭᠦᠨ ᠠᠴᠠ ᠡᠮᠦᠨ᠎ᠡ ᠲᠣᠬᠢᠷᠠᠯᠴᠠᠭᠰᠠᠨ ᠳᠦᠷᠢᠮ ᠤᠨ ᠲᠣᠬᠢᠷᠠᠭᠤᠯᠤᠯᠲᠠ ᠪᠠᠶᠢᠭᠰᠠᠨ ᠦᠭᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠦᠷᠦᠭᠦᠬᠡᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠯᠪᠠᠨ ᠶᠣᠰᠣᠭᠠᠷ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ᠂ ᠲᠣᠰ ᠲᠥᠷᠥ ᠶᠢᠨ ᠪᠣᠳᠣᠯᠭ᠎ᠠ ᠶᠢ ᠡᠬᠢᠯᠡᠵᠦ ᠬᠡᠷᠡᠭᠵᠢᠭᠦᠯᠪᠡ ᠃ ᠲᠣᠳᠣᠷᠬᠠᠶᠢᠯᠠᠬᠤ ᠴᠢᠬᠤᠯᠠᠲᠠᠢ ᠨᠢ ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠤᠯᠤᠰ ᠤᠨ ᠭᠤᠷᠪᠠᠳᠤᠭᠠᠷ ᠲᠤᠯᠭᠠᠭᠤᠷᠢ ᠶᠢᠨ ᠲᠤᠬᠠᠢ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠪᠠᠶᠢᠵᠤ᠂ ᠭᠤᠷᠪᠠᠳᠤᠭᠠᠷ ᠲᠤᠯᠭᠠᠭᠤᠷᠢ ᠳᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠠᠴᠠ ᠭᠠᠳᠠᠨ᠎ᠠ ᠪᠤᠰᠤᠳ ᠬᠤᠪᠢ ᠬᠥᠮᠥᠨ ᠤ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠪᠠᠶᠢᠳᠠᠭ᠃      Q2      Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠠᠴᠠ ᠶᠠᠮᠠᠷ ᠢᠯᠭᠠᠭ᠎ᠠ ᠪᠠᠶᠢᠬᠤ ᠪᠤᠶ︖      A ᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠠᠴᠠ ᠣᠨᠳᠣᠣ ᠪᠠᠶᠢᠳᠠᠭ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠤᠯᠤᠰ ᠠᠴᠠ ᠠᠯᠪᠠᠳᠠᠯᠭ᠎ᠠ ᠪᠠᠷ ᠬᠡᠷᠡᠭᠵᠢᠭᠦᠯᠵᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠥᠪᠡᠷ ᠤᠨ ᠳᠤᠷ᠎ᠠ ᠠᠴᠠ ᠪᠠᠨ ᠣᠷᠣᠯᠴᠠᠳᠠᠭ᠃ ᠠᠵᠤ ᠠᠬᠤᠶᠢᠯᠠᠯ ᠤᠨ ᠣᠨ ᠤ ᠮᠥᠩᠭᠦ᠂ ᠠᠵᠢᠯ ᠮᠡᠷᠭᠡᠵᠢᠯ ᠤᠨ ᠣᠨ ᠤ ᠮᠥᠩᠭᠦ ᠶᠢ ᠬᠥᠮᠥᠨ ᠬᠡᠷᠡᠭᠯᠡᠬᠦ ᠨᠢᠭᠡᠴᠢ ᠵᠢᠴᠢ ᠲᠡᠭᠦᠨ ᠤ ᠠᠵᠢᠯᠲᠠᠨ ᠠᠵᠢᠯᠴᠢᠨ ᠪᠠᠶᠢᠭᠤᠯᠵᠤ᠂ ᠬᠠᠮᠲᠤ ᠪᠠᠷ ᠰᠦᠢᠳᠬᠡᠯ ᠲᠤᠰᠢᠶᠠᠬᠤ ᠠᠴᠠ ᠣᠨᠳᠣᠣ ᠪᠠᠶᠢᠵᠤ ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠥᠪᠬᠡᠨ ᠬᠤᠪᠢ ᠬᠥᠮᠥᠨ ᠲᠤᠰᠢᠶᠠᠨ᠎ᠠ᠃      Q3      Q ᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ ᠣᠷᠤᠯᠴᠠᠬᠤ ᠨᠢ ᠶᠠᠮᠠᠷ ᠰᠠᠶᠢᠨ ᠲᠠᠯ᠎ᠠ ᠪᠠᠶᠢᠬᠤ ᠪᠣᠢ︖      A ᠄ 1. ᠬᠤᠪᠢ ᠬᠥᠮᠥᠨ ᠨᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ ᠣᠷᠤᠯᠴᠠᠬᠤ ᠶᠢᠨ ᠰᠢᠭᠤᠳ ᠬᠦᠷᠲᠡᠬᠦ ᠰᠠᠶᠢᠨ ᠲᠠᠯ᠎ᠠ ᠨᠢ ᠳᠠᠷᠤᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ᠃      2. ᠨᠢᠭᠡᠳᠦᠭᠡᠷ ᠲᠤᠯᠭᠠᠭᠤᠷᠢ ᠪᠣᠯᠬᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠨᠢ ᠦᠨᠳᠦᠰᠦᠨ ᠠᠮᠢᠳᠤᠷᠠᠯ ᠢ ᠪᠠᠲᠤᠯᠠᠵᠤ ᠂ ᠬᠤᠶᠠᠳᠤᠭᠠᠷ ᠲᠤᠯᠭᠠᠭᠤᠷᠢ ᠪᠣᠯᠬᠤ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ ᠮᠥᠩᠭᠦ ᠨᠢ ᠨᠢᠭᠡᠴᠢ ᠠᠴᠠ ᠪᠠᠶᠢᠭᠤᠯᠤᠭᠰᠠᠨ ᠪᠣᠯᠬᠤᠷ ᠨᠠᠰᠤᠵᠢᠯ ᠤᠨ ᠠᠰᠠᠷᠠᠮᠵᠢ ᠳᠤ ᠨᠥᠬᠦᠪᠦᠷᠢ ᠦᠢᠯᠡᠳᠦᠯ ᠦᠵᠡᠭᠦᠯᠳᠡᠭ᠃ ᠣᠲᠣ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠮᠡᠵᠦ ᠪᠠᠶᠢᠭᠤᠯᠤᠭᠰᠠᠨ  ᠨᠢ ᠬᠤᠶᠠᠳᠤᠭᠠᠷ ᠲᠤᠯᠭᠠᠭᠤᠷᠢ ᠳᠤ ᠣᠷᠣᠯᠴᠠᠭᠰᠠᠨ ᠬᠥᠮᠥᠰ ᠲᠤ ᠨᠠᠰᠤᠵᠢᠯ ᠤᠨ ᠠᠰᠠᠷᠠᠮᠵᠢ ᠶᠢ ᠨᠥᠬᠦᠪᠦᠷᠢᠯᠡᠬᠦ ᠠᠷᠭ᠎ᠠ ᠵᠠᠮ ᠨᠡᠮᠡᠵᠦ ᠥᠭᠭᠦᠭᠰᠡᠨ ᠢᠶᠠᠷ ᠪᠠᠷᠠᠬᠤ ᠦᠭᠡᠢ᠂ ᠬᠤᠶᠠᠳᠤᠭᠠᠷ ᠲᠤᠯᠭᠠᠭᠤᠷᠢ ᠳᠤ ᠣᠷᠣᠯᠴᠠᠭᠰᠠᠨ ᠦᠭᠡᠢ ᠬᠥᠮᠥᠰ ᠲᠤ ᠠᠪᠴᠤ ᠬᠡᠯᠡᠪᠡᠴᠦ ᠨᠠᠰᠤᠵᠢᠯ ᠤᠨ ᠠᠰᠠᠷᠠᠮᠵᠢ ᠪᠠᠨ ᠨᠥᠬᠦᠪᠦᠷᠢᠯᠡᠬᠦ ᠠᠷᠭ᠎ᠠ ᠵᠠᠮ ᠨᠡᠮᠡᠵᠦ ᠥᠭᠪᠡ ᠃      3. ᠬᠤᠪᠢ ᠬᠥᠮᠥᠨ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠪᠡᠯᠡ ᠮᠥᠩᠭᠦ ᠶᠢ ᠣᠶᠤᠨᠴᠢ ᠪᠠᠷ ᠲᠥᠯᠥᠪᠵᠢᠭᠦᠯᠵᠦ ᠪᠣᠯᠣᠨ᠎ᠠ᠃ ᠰᠦᠢᠳᠬᠡᠯ ᠲᠤᠰᠢᠶᠠᠬᠤ ᠱᠠᠲᠤᠨ ᠳᠤ ᠣᠷᠣᠭᠤᠯᠬᠤ ᠠᠴᠠ ᠪᠢᠰᠢ ᠭᠠᠷᠭᠠᠬᠤ ᠦᠭᠡᠢ᠂ ᠬᠤᠪᠢ ᠬᠥᠮᠥᠨ ᠤ ᠲᠤᠰᠢᠶᠠᠭᠰᠠᠨ ᠰᠦᠢᠳᠬᠡᠯ ᠪᠠ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ ᠶᠢ ᠴᠥᠮ ᠳᠠᠩᠰᠠᠨ ᠡᠷᠦᠬᠡ ᠳᠤ ᠬᠠᠳᠠᠭᠠᠯᠠᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠥᠩᠭᠦ ᠪᠠᠨ ᠠᠪᠬᠤ ᠨᠠᠰᠤᠨ ᠳᠤ ᠬᠥᠷᠥᠭᠰᠡᠨ ᠵᠡᠷᠭᠡ ᠨᠥᠬᠦᠴᠡᠯ ᠳᠤ ᠨᠡᠶᠢᠴᠡᠪᠡᠯ ᠳᠠᠷᠤᠢ ᠠᠪᠴᠤ ᠪᠣᠯᠣᠨ᠎ᠠ᠃ ᠥᠭᠡᠷ᠎ᠡ ᠪᠠᠷ ᠬᠡᠯᠡᠪᠡᠯ ᠳᠦᠷᠢᠮ ᠤᠨ ᠲᠠᠯ᠎ᠠ ᠠᠴᠠ ᠣᠷᠣᠯᠴᠠᠭᠴᠢ ᠶᠢ ᠬᠠᠪᠰᠤᠷᠤᠨ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ︽ᠭᠠᠳᠠᠭᠰᠢ ᠭᠠᠷᠭᠠᠬᠤ︾ ᠨᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠪᠡᠯᠡ ᠮᠥᠩᠭᠦ ᠶᠢ ᠣᠶᠤᠨᠴᠢ ᠪᠠᠷ ᠲᠥᠯᠥᠪᠵᠢᠭᠦᠯᠵᠦ᠂ ᠪᠡᠯᠡ ᠣᠷᠣᠭᠤᠯᠤᠯᠲᠠ ᠶᠢᠨ ᠦᠢᠯᠡᠳᠬᠦᠨ ᠪᠠ ᠪᠡᠯᠡ ᠣᠷᠣᠭᠤᠯᠤᠯᠲᠠ ᠶᠢᠨ ᠬᠤᠭᠤᠴᠠᠭ᠎ᠠ ᠶᠢ ᠵᠣᠬᠢᠰᠲᠠᠢ ᠰᠣᠩᠭᠤᠵᠤ᠂ ᠤᠷᠢᠳᠴᠢᠯᠠᠨ ᠭᠠᠷᠭᠠᠨ ᠠᠪᠬᠤ ᠠᠴᠠ ᠵᠠᠶᠢᠯᠠᠰᠬᠢᠵᠦ᠂ ᠡᠭᠦᠨ ᠤ ᠤᠯᠠᠮ ᠠᠴᠠ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠥᠬᠦᠪᠦᠷᠢᠯᠡᠬᠦ ᠦᠢᠯᠡᠳᠦᠯ ᠢ ᠦᠨᠡᠨ ᠬᠦ ᠪᠠᠳᠠᠷᠠᠭᠤᠯᠬᠤ ᠳᠤ ᠠᠰᠢᠭᠲᠠᠢ ᠶᠤᠮ᠃      Q4      Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ ᠶᠠᠮᠠᠷ ᠬᠥᠮᠥᠨ ᠣᠷᠣᠯᠴᠠᠵᠤ ᠪᠣᠯᠬᠤ ᠪᠤᠶ︖      A ᠄ ᠠᠵᠢᠯ ᠳᠤ ᠪᠠᠶᠢᠭ᠎ᠠ ᠬᠥᠮᠥᠰ ᠶᠠᠮᠠᠷ ᠶᠠᠩᠵᠤ ᠶᠢᠨ ᠠᠵᠢᠯ ᠣᠯᠭᠤᠯᠲᠠ ᠶᠢᠨ ᠬᠡᠯᠪᠡᠷᠢ ᠲᠠᠢ ᠪᠠᠶᠢᠭᠰᠠᠨ ᠢ ᠬᠠᠮᠢᠶᠠᠷᠬᠤ ᠦᠭᠡᠢ᠂ ᠲᠤᠬᠠᠶᠢᠯᠠᠪᠠᠯ ᠨᠢᠭᠡᠴᠢ ᠳᠤ ᠠᠵᠢᠯᠯᠠᠭᠰᠠᠳ ᠴᠤ ᠲᠡᠷᠡ᠂ ᠠᠮᠢᠳᠤᠯᠢᠭ ᠢᠶᠠᠷ ᠠᠵᠢᠯᠯᠠᠭᠰᠠᠳ ᠴᠦ ᠲᠡᠷᠡ᠂ ᠠᠵᠢᠯ ᠣᠯᠣᠭᠰᠠᠨ ᠭᠠᠵᠠᠷ ᠣᠷᠣᠨ᠂ ᠡᠷᠦᠭᠡ ᠠᠮᠠ ᠶᠢᠨ ᠲᠠᠩᠰᠠ ᠶᠢᠨ ᠬᠢᠵᠠᠭᠠᠷᠯᠠᠯ ᠢ ᠬᠦᠯᠢᠶᠡᠬᠦ ᠦᠭᠡᠢ᠂ ᠬᠤᠪᠢ ᠬᠥᠮᠥᠨ ᠰᠠᠶᠢᠨ ᠳᠤᠷ᠎ᠠ ᠠᠴᠠ ᠪᠠᠨ ᠴᠥᠮ ᠲᠣᠰ ᠳᠦᠷᠢᠮ ᠳᠤ ᠡᠷᠬᠡ ᠲᠡᠭᠰᠢ ᠪᠠᠷ ᠣᠷᠣᠯᠴᠠᠵᠤ ᠪᠣᠯᠣᠨ᠎ᠠ᠃ ᠮᠤᠵᠢ ᠣᠷᠣᠨ ᠠᠯᠤᠰᠯᠠᠨ ᠰᠢᠯᠵᠢᠭᠦᠯᠬᠦ ᠦᠶ᠎ᠡ ᠳᠤ ᠴᠦ ᠬᠤᠪᠢ ᠬᠥᠮᠥᠨ ᠤ ᠡᠷᠬᠡ ᠠᠰᠢᠭ ᠨᠥᠯᠥᠭᠡᠯᠡᠭᠳᠡᠬᠦ ᠦᠭᠡᠢ ᠃      Q5      Q ᠄ ᠣᠷᠤᠯᠴᠠᠬᠤ ᠬᠡᠯᠪᠡᠷᠢ ᠨᠢ ᠶᠠᠮᠠᠷ ᠪᠣᠯ ︖      A᠄ ᠣᠷᠣᠯᠴᠠᠭᠴᠢ ᠪᠥᠬᠦ ᠶᠠᠪᠤᠴᠠ ᠳᠤ ᠣᠷᠤᠯᠴᠠᠬᠤ ᠶᠤᠮ ᠦᠦ ᠣᠨ ᠢᠶᠠᠷ ᠣᠷᠤᠯᠴᠠᠬᠤ ᠶᠤᠮ ᠦᠦ ᠭᠡᠳᠡᠭ ᠢᠶᠠᠨ ᠥᠪᠡᠰᠦᠪᠡᠨ ᠲᠣᠭᠲᠠᠭᠠᠨ᠎ᠠ᠃ ᠡᠬᠢᠯᠡᠯᠲᠡ ᠶᠢᠨ ᠱᠠᠲᠤᠨ ᠳᠤ 1.2 ᠲᠦᠮᠡᠨ ᠲᠥᠭᠦᠷᠢᠭ ᠤᠨ ᠣᠨ ᠤ ᠰᠦᠢᠳᠬᠡᠯ ᠲᠤᠰᠢᠶᠠᠬᠤ ᠳᠡᠭᠡᠳᠦ ᠬᠢᠵᠠᠭᠠᠷ ᠠᠴᠠ ᠬᠡᠲᠦᠷᠡᠬᠦ ᠦᠭᠡᠢ ᠯᠡ ᠶᠤᠮ ᠪᠣᠯ᠂ ᠣᠷᠣᠯᠴᠠᠭᠴᠢ ᠬᠡᠳᠦᠢ ᠲᠤᠰᠢᠶᠠᠬᠤ ᠪᠠᠨ ᠥᠪᠡᠰᠦᠪᠡᠨ ᠲᠣᠭᠲᠠᠭᠠᠵᠤ ᠪᠣᠯᠣᠨ᠎ᠠ᠃ ᠲᠣᠰ ᠣᠨ ᠳᠤ ᠨᠢᠭᠡ ᠯᠡ ᠤᠳᠠᠭ᠎ᠠ ᠳᠤ ᠲᠤᠰᠢᠶᠠᠵᠤ ᠪᠣᠯᠬᠤ ᠮᠥᠷᠲᠡᠭᠡᠨ ᠪᠠᠰᠠ ᠤᠳᠠᠭ᠎ᠠ ᠬᠤᠪᠢᠶᠠᠨ ᠲᠤᠰᠢᠶᠠᠵᠤ ᠪᠣᠯᠣᠨ᠎ᠠ᠃      Q6      Q ᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠠᠩᠰᠠᠨ ᠡᠷᠦᠬᠡ ᠪᠠᠨ ᠬᠡᠷᠬᠢᠨ ᠪᠠᠶᠢᠭᠤᠯᠬᠤ ᠪᠣᠢ︖      A᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠣᠷᠤᠯᠴᠠᠬᠤ ᠳᠤ ᠬᠤᠶᠠᠷ ᠳᠠᠩᠰᠠᠨ ᠡᠷᠦᠬᠡ ᠭᠠᠷᠭᠠᠬᠤ ᠬᠡᠷᠡᠭᠲᠡᠢ᠄ ᠨᠢᠭᠡ ᠨᠢ ᠮᠡᠳᠡᠭᠡ ᠵᠠᠩᠭᠢ ᠶᠢᠨ ᠲᠠᠪᠴᠠᠩ ᠳᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠠᠩᠰᠠᠨ ᠡᠷᠦᠬᠡ ᠪᠠᠶᠢᠭᠤᠯᠵᠤ᠂ ᠮᠡᠳᠡᠭᠡ ᠵᠠᠩᠭᠢ ᠲᠡᠮᠳᠡᠭᠯᠡᠬᠦ᠂ ᠬᠠᠶᠢᠵᠤ ᠯᠠᠪᠯᠠᠬᠤ ᠪᠠ ᠦᠢᠯᠡᠴᠢᠯᠡᠬᠦ ᠵᠡᠷᠭᠡ ᠳᠤ ᠬᠡᠷᠡᠭᠯᠡᠨ᠎ᠡ︔ ᠨᠦᠭᠦᠭᠡ ᠨᠢ ᠪᠠᠩᠬᠢ ᠳᠤ ᠪᠠᠶᠢᠭᠤᠯᠤᠭᠰᠠᠨ ᠪᠤᠶᠤ ᠲᠣᠭᠲᠠᠭᠠᠭᠰᠠᠨ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠡᠯᠡ ᠮᠥᠩᠭᠦᠨ ᠤ ᠳᠠᠩᠰᠠᠨ ᠡᠷᠦᠬᠡ ᠪᠣᠯᠣᠨ᠎ᠠ᠃ ᠡᠭᠦᠨ ᠢ ᠰᠦᠢᠳᠬᠡᠯ ᠲᠤᠰᠢᠶᠠᠬᠤ᠂ ᠦᠢᠯᠡᠳᠬᠦᠨ ᠬᠤᠳᠠᠯᠳᠤᠨ ᠠᠪᠬᠤ᠂ ᠠᠰᠢᠭ ᠣᠷᠣᠯᠭ᠎ᠠ ᠴᠤᠭᠯᠠᠭᠤᠯᠬᠤ ᠵᠡᠷᠭᠡ ᠳᠤ ᠬᠡᠷᠡᠭᠯᠡᠨ᠎ᠡ ᠃ ᠡᠨᠡ ᠬᠤᠶᠠᠷ ᠳᠠᠩᠰᠠᠨ ᠡᠷᠦᠬᠡ ᠬᠤᠭᠤᠷᠣᠨᠳᠤ ᠪᠠᠨ ᠵᠣᠬᠢᠴᠠᠯᠳᠤᠵᠤ ᠂ ᠣᠷᠣᠯᠴᠠᠭᠴᠢ ᠲᠣᠰ ᠲᠣᠰ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ︽ᠠᠯᠠᠭᠠᠨ ᠳᠡᠭᠡᠷᠡᠬᠢ 12333︾᠂ ᠬᠤᠳᠠᠯᠳᠤᠭᠠᠨ ᠤ ᠪᠠᠩᠬᠢ ᠵᠡᠷᠭᠡ ᠣᠯᠠᠨ ᠠᠷᠭ᠎ᠠ ᠪᠠᠷ ᠪᠠᠶᠢᠭᠤᠯᠵᠤ ᠪᠣᠯᠣᠨ᠎ᠠ᠃ ᠡᠭᠦᠨ ᠳᠤ ᠬᠤᠳᠠᠯᠳᠤᠭᠠᠨ ᠤ ᠪᠠᠩᠬᠢ ᠪᠠᠷ ᠡᠨᠡ ᠬᠤᠶᠠᠷ ᠲᠠᠩᠰᠠᠨ ᠡᠷᠦᠬᠡ ᠶᠢ ᠨᠢᠭᠡ ᠯᠡ ᠤᠳᠠᠭ᠎ᠠ ᠳᠤ ᠪᠥᠬᠦᠨ ᠢ ᠪᠠᠶᠢᠭᠤᠯᠵᠤ ᠪᠣᠯᠣᠨ᠎ᠠ᠃      Q7      Q ᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠬᠡᠷᠬᠢᠨ ᠪᠡᠯᠡ ᠣᠷᠤᠭᠤᠯᠤᠯᠲᠠ ᠬᠢᠬᠦ ᠪᠣᠢ︖      A᠄ ᠣᠷᠣᠯᠴᠠᠭᠴᠢ ᠳᠤᠷᠠᠰᠢᠯ ᠢᠶᠠᠨ ᠦᠨᠳᠦᠰᠦᠯᠡᠵᠦ᠂ ᠪᠠᠩᠬᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠬᠠᠳᠠᠭᠠᠯᠠᠮᠵᠢ᠂ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠢᠯᠡ ᠪᠠᠷ ᠴᠤᠭᠯᠠᠭᠤᠯᠤᠭᠰᠠᠨ ᠰᠠᠭᠤᠷᠢ ᠮᠥᠩᠭᠦ ᠵᠡᠷᠭᠡ ᠶᠢ ᠥᠪᠡᠰᠦᠪᠡᠨ ᠰᠣᠩᠭᠤᠵᠤ ᠪᠣᠯᠬᠤ ᠮᠥᠷᠲᠡᠭᠡᠨ ᠣᠬᠤᠷ᠂ ᠳᠤᠮᠳᠠ ᠪᠠ ᠣᠷᠳᠣ ᠬᠤᠭᠤᠴᠠᠭᠠᠨ ᠤ ᠬᠢ ᠶᠢ ᠨᠡᠶᠢᠯᠡᠭᠦᠯᠵᠦ ᠪᠣᠯᠣᠨ᠎ᠠ᠃ ᠡᠲᠡᠭᠡᠷ ᠠᠵᠢᠯᠯᠠᠭ᠎ᠠ ᠶᠢ ᠴᠥᠮ ᠪᠡᠯᠡ ᠮᠥᠩᠭᠦᠨ ᠤ ᠲᠠᠩᠰᠠᠨ ᠡᠷᠦᠬᠡ ᠳᠤ ᠪᠡᠶᠡᠯᠡᠭᠦᠯᠵᠦ ᠪᠣᠯᠬᠤ ᠲᠤᠯᠠ ᠣᠯᠠᠨ ᠰᠠᠯᠠᠭ᠎ᠠ ᠮᠥᠴᠢᠷ ᠪᠠ ᠪᠠᠶᠢᠭᠤᠯᠤᠮᠵᠢ ᠪᠠᠷ ᠭᠦᠶᠦᠭᠰᠡᠨ ᠤ ᠬᠡᠷᠡᠭ ᠦᠭᠡᠢ᠃      Q8      Q ᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠡᠷᠬᠢᠨ ᠭᠠᠷᠭᠠᠨ ᠠᠪᠬᠤ ᠪᠣᠢ︖      A ᠄ ᠣᠷᠣᠯᠴᠠᠭᠴᠢ ᠭᠠᠷᠭᠠᠨ ᠠᠪᠬᠤ ᠨᠥᠬᠦᠴᠡᠯ ᠳᠤ ᠨᠡᠶᠢᠴᠡᠭᠰᠡᠨ ᠦᠶ᠎ᠡ ᠳᠤ᠂ ᠰᠠᠷ᠎ᠠ ᠪᠠᠷ ᠭᠠᠷᠭᠠᠨ ᠠᠪᠬᠤ᠂ ᠡᠰᠡᠬᠦᠯ᠎ᠡ ᠤᠳᠠᠭ᠎ᠠ ᠬᠤᠪᠢᠶᠠᠬᠤ ᠪᠤᠶᠤ ᠭᠠᠭᠴᠠ ᠤᠳᠠᠭ᠎ᠠ ᠪᠠᠷ ᠭᠠᠷᠭᠠᠨ ᠠᠪᠴᠤ ᠪᠣᠯᠣᠨ᠎ᠠ᠃ ᠬᠤᠳᠠᠯᠳᠤᠭᠠᠨ ᠤ ᠪᠠᠩᠬᠢ ᠬᠤᠪᠢ ᠬᠥᠮᠥᠨ ᠤ ᠰᠣᠩᠭᠤᠬᠤ ᠠᠷᠭ᠎ᠠ ᠢ ᠦᠨᠳᠦᠰᠦᠯᠡᠨ᠂ ᠬᠤᠪᠢ ᠬᠥᠮᠥᠨ ᠤ ᠲᠠᠩᠰᠠᠨ ᠡᠷᠦᠭᠡ ᠶᠢᠨ ᠪᠡᠯᠡ ᠮᠥᠩᠭᠦ ᠶᠢ ᠣᠷᠣᠯᠴᠠᠭᠴᠢ ᠶᠢᠨ ᠬᠤᠪᠢ ᠬᠥᠮᠥᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠲᠠᠩᠰᠠᠨ ᠡᠷᠦᠭᠡ ᠳᠤ ᠰᠢᠯᠵᠢᠭᠦᠯᠦᠨ ᠣᠷᠣᠭᠤᠯᠤᠨ᠎ᠠ ᠃ ᠣᠨᠴᠠᠭᠠᠶ ᠪᠠᠶᠢᠳᠠᠯ ᠳᠣᠣᠷ᠎ᠠ᠂ ᠵᠢᠱᠢᠶᠡᠯᠡᠪᠡᠯ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠬᠤ᠂ ᠭᠠᠳᠠᠭᠠᠳᠤ ᠳᠤ ᠭᠠᠷᠬᠤ ᠪᠤᠶᠤ ᠬᠢᠯᠢ ᠠᠴᠠ ᠭᠠᠷᠴᠤ ᠨᠤᠲᠤᠭᠰᠢᠭᠰᠠᠨ ᠵᠡᠷᠭᠡ ᠪᠠᠶᠢᠳᠠᠯ ᠳᠤ ᠴᠤ ᠭᠠᠷᠭᠠᠨ ᠠᠪᠴᠤ ᠪᠣᠯᠣᠨ᠎ᠠ ᠃  
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ