ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠯᠪᠠᠨ ᠵᠠᠷ
ᠨᠡᠶᠢᠲᠡᠯᠡᠭᠰᠡᠨ ᠴᠠᠭ᠄
2022/4/5
            ᠮᠠᠨ ᠤ ᠬᠤᠰᠢᠭᠤᠨ ᠤ ᠣᠷᠣᠰᠢᠭᠤᠯᠭ᠎ᠠ ᠶᠢᠨ ᠬᠦᠷᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠹᠧᠣᠳᠠᠯ ᠤᠨ ᠮᠠᠭᠤ ᠳᠠᠳᠬᠠᠯ ᠢ ᠠᠷᠢᠯᠭᠠᠵᠤ᠂ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠪᠡ᠃ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠰᠠᠨ ᠢᠶᠠᠷ᠂ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠤ ᠣᠷᠣᠰᠢᠭᠤᠯᠭ᠎ᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠡ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄                  ᠨᠢᠭᠡ᠂ ᠴᠡᠪᠡᠷᠯᠡᠨ ᠨᠡᠭᠦᠯᠭᠡᠬᠦ ᠬᠡᠪᠴᠢᠶ᠎ᠡ             ᠤᠷᠠᠳ ᠤᠨ ᠬᠤᠶᠢᠲᠤ ᠬᠤᠰᠢᠭᠤᠨ ᠤ ᠬᠢᠯᠢ ᠳᠣᠲᠣᠷᠠᠬᠢ ᠳᠤᠷ᠎ᠠ ᠪᠠᠷ ᠢᠶᠠᠨ  ᠪᠤᠯᠠᠰᠢᠯᠠᠬᠰᠠᠨ ᠪᠤᠩᠬᠤᠨ ᠤ ᠭᠠᠵᠠᠷ ᠪᠦᠬᠦᠨ ᠢ᠂ ᠮᠤᠨᠢ ᠠᠭᠤᠯᠠ ᠶᠢᠨ ᠡᠮᠦᠨ᠎ᠡ  ᠬᠡᠰᠡᠭ᠂ ᠵᠡᠭᠦᠨᠰᠢ ᠪᠠᠨ ᠬᠦᠬᠡᠴᠤ ᠰᠤᠮᠤ ᠶᠢᠨ ᠶᠢᠨ ᠮᠧᠩ ᠭᠠᠴᠠᠭ᠎ᠠ ︵ᠤᠷᠠᠳ ᠤᠨ ᠳᠤᠮᠳᠠᠳᠤ ᠬᠤᠰᠢᠭᠤᠨ ᠤ ᠠᠭᠤᠯᠵᠠᠷ ᠬᠡᠰᠡᠭ︶ ᠠᠴᠠ ᠡᠬᠢᠯᠡᠨ᠂ ᠪᠠᠷᠠᠭᠤᠨᠰᠢ ᠪᠠᠨ  ᠬᠦᠬᠡᠨ᠋ᠦ᠋ᠠᠳᠤᠷ ᠪᠠᠯᠭᠠᠰᠤ ︵ᠴᠢᠩ ᠱᠠᠨ ᠪᠠᠯᠭᠠᠰᠤ︶ ᠶᠢᠨ ᠤᠯᠠᠭᠠᠨᠬᠤᠰᠢᠭᠤ ᠭᠠᠴᠠᠭ᠎ᠠ ︵  ᠳ᠋ᠧᠩᠺᠧᠦ ᠰᠢᠶᠠᠨ ᠤ ᠠᠭᠤᠯᠵᠠᠷ  ᠬᠡᠰᠡᠭ︶᠂  ᠬᠦᠶᠠᠩ ᠠᠴᠠ ᠴᠠᠰᠤᠴᠢ ᠬᠦᠷᠬᠦ ᠱᠤᠭᠤᠮ ᠠᠴᠠ ᠤᠮᠠᠷᠠᠰᠢ 3 ᠺᠢᠯᠣᠮᠧᠲᠷ ᠤᠨ ᠬᠡᠪᠴᠢᠶᠡᠨ ᠳᠣᠲᠣᠷ᠎ᠠ ︵ᠵᠠᠰᠠᠭ ᠤᠨ ᠣᠷᠳᠣᠨ ᠤ ᠦᠯᠡᠳᠡᠭᠡᠭᠰᠡᠨ ᠱᠠᠨ ᠬᠦᠶ ᠺᠸᠤ ᠨᠡᠶᠢᠲᠡ ᠶᠢᠨ ᠣᠩᠭᠤᠨ ᠤ ᠣᠷᠣᠨ ᠠᠴᠠ ᠪᠤᠰᠤᠳ︶ ᠶᠢᠨ ᠪᠣᠶ ᠪᠥᠬᠦᠶ ᠣᠩᠭᠤᠨ ᠢ ᠭᠤᠤᠯᠳᠠᠯᠭ᠎ᠠ ᠲᠠᠢ ᠴᠡᠪᠡᠷᠯᠡᠨ᠎ᠡ᠃               ᠬᠤᠶᠠᠷ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ                 ᠣᠩᠭᠤᠨ ᠤ ᠬᠤᠯᠪᠣᠭᠳᠠᠯ ᠪᠥᠬᠦᠶ ᠡᠷᠬᠡᠲᠦ ᠬᠥᠮᠦᠨ ᠨᠢᠬᠡᠪᠤᠷᠢ᠂ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠠᠷᠢᠶ᠎ᠠ ᠰᠤᠮᠤ ᠪᠠᠯᠭᠠᠰᠤᠨ ᠳᠤ ᠬᠦᠷᠴᠦ ᠴᠡᠪᠡᠷᠯᠡᠨ ᠨᠡᠭᠦᠯᠭᠡᠬᠦ ᠭᠠᠷᠳᠠᠮ ᠢ  ᠬᠦᠢᠴᠡᠳᠬᠡᠬᠦ ᠶᠢᠨ ᠬᠠᠮᠲᠤ  ᠴᠡᠪᠡᠷᠯᠡᠨ ᠨᠡᠭᠦᠯᠭᠡᠬᠦ  ᠬᠤᠶᠢᠰᠢᠳᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠃ ᠠᠯᠪᠠᠨ ᠵᠠᠷ ᠤᠨ ᠬᠤᠭᠤᠴᠠᠭ᠎ᠠ ᠳᠦᠭᠦᠷᠦᠭᠰᠡᠨ ᠪᠠᠶᠢᠲᠠᠯ᠎ᠠ ᠳᠠᠩᠰᠠᠯᠠᠭᠤᠯᠤᠭᠰᠠᠨ ᠬᠥᠮᠦᠨ ᠥᠬᠡᠶ ᠣᠩᠭᠤᠨ ᠢ ᠡᠵᠡᠨ ᠥᠬᠡᠶ ᠣᠩᠭᠤᠨ ᠤ ᠶᠣᠰᠣᠭᠠᠷ ᠬᠠᠤᠯᠢ ᠶᠣᠰᠣᠭᠠᠷ ᠠᠯᠪᠠᠳᠠᠯᠭ᠎ᠠ ᠪᠠᠷ ᠨᠤᠷᠠᠭᠠᠵᠤ᠂ ᠬᠠᠮᠢᠶ᠎ᠠ ᠪᠥᠬᠦᠶ ᠨᠢᠭᠡᠴᠡ ᠠᠴᠠ ᠭᠠᠵᠠᠷ ᠵᠦᠶ ᠶᠢᠨ ᠪᠠᠶᠢᠷᠢᠰᠢᠯ ᠤᠨ ᠪᠠᠶᠢᠷᠢ ᠲᠣᠭᠲᠠᠭᠠᠯᠲᠠ ᠶᠢ ᠰᠠᠶᠢᠲᠤᠷ ᠬᠢᠵᠦ᠂ ᠲᠡᠮᠳᠡᠭ ᠲᠠᠯᠪᠢᠵᠤ ᠡᠷᠢᠵᠦ  ᠤᠯᠬᠤ ᠳᠤ ᠲᠦᠬᠦᠮ ᠪᠤᠯᠭᠠᠬᠤ᠂ ᠰᠡᠭᠦᠳᠡᠷᠯᠡᠨ  ᠲᠠᠩᠰᠠ ᠦᠯᠡᠳᠡᠭᠡᠵᠤ᠂ ᠲᠠᠩᠰᠠ ᠡᠪᠬᠡᠮᠡᠯ ᠪᠠᠶᠢᠭᠤᠯᠤᠨ᠎ᠠ᠃             ᠭᠤᠷᠪᠠ᠂ ᠨᠥᠬᠦᠪᠥᠷᠢ ᠥᠭᠬᠦ ᠠᠷᠭ᠎ᠠ             ︵ᠨᠢᠭᠡ︶ ᠲᠣᠰ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠨᠠᠰᠤ ᠪᠠᠷᠠᠭᠰᠠᠳ ᠤᠨ ᠣᠩᠭᠤᠨ ᠢ ᠴᠡᠪᠡᠷᠯᠡᠨ ᠨᠡᠭᠦᠯᠭᠡᠨ᠎ᠡ᠃ ᠤᠷᠠᠳ ᠤᠨ ᠬᠤᠶᠢᠲᠤ ᠬᠤᠰᠢᠭᠤᠨ ᠤ ᠨᠡᠶᠢᠲᠡ ᠶᠢᠨ ᠪᠤᠩᠬᠤᠨ ᠤ ᠣᠷᠣᠨ ︵ᠱᠠᠨ ᠬᠦᠢ ᠺᠧᠦ ᠶᠢᠨ ᠨᠡᠶᠢᠲᠡ ᠶᠢᠨ ᠪᠤᠩᠬᠤᠨ ᠤ ᠣᠷᠣᠨ︶ ᠳᠤ ᠨᠡᠭᠦᠵᠦ ᠣᠷᠣᠬᠤ ᠳᠤ᠂   4 ᠲᠡᠭᠰᠢ ᠳᠥᠷᠪᠡᠯᠵᠢᠨ ᠮᠧᠲᠷ ᠤᠨ ᠲᠤᠰᠠᠭᠠᠷ ᠣᠷᠣᠰᠢᠭᠤᠯᠭ᠎ᠠ᠂ 6 ᠲᠡᠭᠰᠢ ᠳᠥᠷᠪᠡᠯᠵᠢᠨ ᠮᠧᠲᠷ ᠤᠨ ᠬᠠᠮᠲᠤ ᠣᠷᠣᠰᠢᠭᠤᠯᠭ᠎ᠠ ᠶᠢᠨ ᠤᠩᠭᠤᠨ ᠤ ᠭᠠᠵᠠᠷ ᠢ ᠦᠨ᠎ᠡ ᠲᠥᠯᠥᠪᠦᠷᠢ ᠦᠭᠡᠢ ᠬᠠᠩᠭᠠᠨ᠎ᠠ᠃ ᠤᠷᠠᠳ ᠤᠨ ᠬᠤᠶᠢᠲᠤ ᠬᠤᠰᠢᠭᠤᠨ ᠤ ᠨᠡᠶᠢᠲᠡ ᠶᠢᠨ ᠪᠤᠩᠬᠤᠨ ᠤ ᠲᠣᠭᠤᠷᠢᠭ ᠲᠤ ᠨᠡᠭᠦᠨ ᠣᠷᠣᠬᠤ ᠦᠭᠡᠢ ᠪᠣᠯ᠂ ᠥᠪᠡᠰᠦᠪᠡᠨ ᠣᠷᠣᠰᠢᠭᠤᠯᠬᠤ ᠪᠤᠶᠤ ᠵᠢᠭᠠᠨ ᠲᠣᠭᠲᠠᠭᠠᠭᠰᠠᠨ ᠨᠡᠶᠢᠲᠡ ᠶᠢᠨ ᠪᠤᠩᠬᠤᠨ ᠤ ᠲᠣᠭᠤᠷᠢᠭ ᠤᠨ ᠴᠢᠨᠳᠠᠷ ᠤᠨ ᠰᠤᠪᠤᠷᠭ᠎ᠠ ᠳᠤ ᠨᠡᠭᠦᠨ ᠣᠷᠣᠵᠤ ᠰᠦᠢᠳᠬᠡᠯ ᠬᠤᠷᠢᠶᠠᠬᠤ ᠦᠭᠡᠢ ᠪᠠᠷ ᠭᠤᠷᠪᠠᠨ ᠵᠢᠯ ᠬᠠᠳᠠᠭᠠᠯᠠᠵᠤ ᠪᠣᠯᠤᠨ᠎ᠠ᠃ ᠨᠠᠰᠤ ᠨᠥᠭᠴᠢᠭᠰᠡᠳ ᠤᠨ ᠬᠡᠷ ᠪᠦᠯᠢ ᠶᠢᠨ ᠬᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠥᠨᠥᠴᠢᠨ ᠪᠡᠯᠪᠡᠰᠦᠨ᠂ ᠣᠨᠴᠠ ᠬᠦᠴᠢᠷᠳᠡᠯᠲᠡᠶ ᠬᠥᠮᠦᠰ᠂ ᠴᠡᠷᠢᠭ ᠠᠴᠠ ᠬᠠᠯᠠᠭᠳᠠᠭᠰᠠᠳ ᠤᠨ ᠭᠡᠷᠡᠴᠢ ᠪᠠᠷ ᠢᠶᠠᠨ ᠲᠣᠭᠲᠠᠭᠠᠭᠰᠠᠨ ᠨᠡᠶᠢᠲᠡ ᠶᠢᠨ ᠣᠩᠭᠤᠨ ᠤ ᠲᠣᠭᠤᠷᠢᠭ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃           ︵ᠬᠤᠶᠠᠷ︶ ᠲᠣᠰ ᠬᠤᠰᠢᠭᠤᠨ ᠤ ᠡᠷᠦᠬᠡ ᠠᠮᠠ ᠶᠢᠨ ᠲᠠᠩᠰᠠ ᠶᠢᠨ ᠪᠤᠰᠤ ᠨᠥᠭᠴᠢᠭᠰᠡᠳ ᠤᠨ ᠣᠩᠭᠤᠨ ᠢ ᠴᠡᠪᠡᠷᠯᠡᠨ ᠨᠡᠭᠦᠯᠭᠡᠨ᠎ᠡ                ᠤᠷᠠᠳ ᠤᠨ ᠬᠤᠶᠢᠲᠤ ᠬᠤᠰᠢᠭᠤᠨ ᠤ ᠨᠡᠶᠢᠲᠡ ᠶᠢᠨ ᠪᠤᠩᠬᠤᠨ ᠤ ᠲᠣᠭᠤᠷᠢᠭ ᠲᠤ ᠨᠡᠭᠦᠵᠦ ᠣᠷᠣᠬᠤ ᠳᠤ ᠦᠨ᠎ᠡ ᠲᠥᠯᠥᠪᠦᠷᠢ ᠲᠠᠢ ᠪᠠᠷ ︵ᠨᠡᠶᠢᠲᠡ ᠶᠢᠨ ᠪᠤᠩᠬᠤᠨ ᠤ ᠲᠣᠭᠤᠷᠢᠭ ᠤᠨ ᠦᠨ᠎ᠡ ᠬᠠᠩᠰᠢ ᠶᠢᠨ ᠪᠠᠷᠢᠮᠵᠢᠶ᠎ᠠ ᠪᠠᠷ︶ 4 ᠲᠡᠭᠰᠢ ᠳᠥᠷᠪᠡᠯᠵᠢᠨ ᠮᠧᠲᠷ ᠤᠨ ᠲᠤᠰᠠᠭᠠᠷ ᠣᠷᠣᠰᠢᠭᠤᠯᠭ᠎ᠠ᠂ 6 ᠲᠡᠭᠰᠢ ᠳᠥᠷᠪᠡᠯᠵᠢᠨ ᠮᠧᠲᠷ ᠤᠨ ᠬᠠᠮᠲᠤ ᠣᠷᠣᠰᠢᠭᠤᠯᠭ᠎ᠠ᠂ ᠤᠷᠠᠳ ᠤᠨ ᠬᠤᠶᠢᠲᠤ ᠬᠤᠰᠢᠭᠤᠨ ᠤ ᠨᠡᠶᠢᠲᠡ ᠶᠢᠨ ᠪᠤᠩᠬᠤᠨ ᠤ ᠲᠣᠭᠤᠷᠢᠭ ᠲᠤ ᠨᠡᠭᠦᠵᠦ ᠣᠷᠣᠬᠤ ᠦᠭᠡᠢ ᠪᠣᠯ ᠥᠪᠡᠷ ᠢᠶᠠᠨ ᠣᠷᠣᠰᠢᠭᠤᠯᠵᠤ ᠪᠣᠯᠤᠨ᠎ᠠ᠃ ᠨᠠᠰᠤ ᠨᠥᠭᠴᠢᠭᠰᠡᠳ ᠤᠨ ᠬᠡᠷ ᠪᠦᠯᠢ ᠶᠢᠨ ᠬᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠥᠨᠥᠴᠢᠨ ᠪᠡᠯᠪᠡᠰᠦᠨ᠂ ᠣᠨᠴᠠ ᠬᠦᠴᠢᠷᠳᠡᠯᠲᠡᠶ ᠬᠥᠮᠦᠰ᠂ ᠴᠡᠷᠢᠭ ᠠᠴᠠ ᠬᠠᠯᠠᠭᠳᠠᠭᠰᠠᠳ ᠤᠨ ᠭᠡᠷᠡᠴᠢ ᠪᠠᠷ ᠢᠶᠠᠨ ᠲᠣᠭᠲᠠᠭᠠᠭᠰᠠᠨ ᠨᠡᠶᠢᠲᠡ ᠶᠢᠨ ᠣᠩᠭᠤᠨ ᠤ ᠲᠣᠭᠤᠷᠢᠭ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃             ᠲᠦᠷᠪᠡ᠂ ᠤᠩᠭᠤᠨ ᠨᠡᠭᠦᠯᠭᠡᠬᠦ ᠬᠤᠭᠤᠴᠠᠭ᠎ᠠ                ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ᠂ ᠣᠩᠭᠤᠨ ᠤ ᠬᠠᠮᠢᠶ᠎ᠠ ᠪᠥᠬᠦᠶ ᠡᠷᠬᠡᠲᠦ ᠬᠥᠮᠦᠨ ᠥᠪᠡᠷ ᠢᠶᠠᠨ ᠴᠡᠪᠡᠷᠯᠡᠨ ᠨᠡᠭᠦᠯᠭᠡᠬᠦ ᠬᠡᠷᠡᠭᠳᠠᠢ᠂ ᠱᠠᠭᠠᠷᠳᠠᠭᠰᠠᠨ ᠴᠠᠭ ᠤᠨ ᠬᠢᠵᠠᠭᠠᠷ ᠶᠣᠰᠣᠭᠠᠷ ᠴᠡᠪᠡᠷᠯᠡᠨ ᠨᠡᠭᠦᠯᠭᠡᠭᠰᠡᠨ ᠥᠬᠡᠶ ᠪᠤᠶᠤ ᠴᠡᠪᠡᠷᠯᠡᠨ ᠨᠡᠭᠦᠯᠭᠡᠬᠦ ᠳᠤ ᠬᠠᠮᠵᠢᠯᠴᠠᠬᠤ ᠶᠢ ᠲᠡᠪᠴᠢᠭᠰᠡᠨ ᠪᠠᠶᠢᠪᠠᠯ᠂ ᠡᠵᠡᠨ ᠥᠬᠡᠶ ᠣᠩᠭᠤᠨ ᠢᠶᠠᠷ ᠬᠠᠤᠯᠢ ᠶᠣᠰᠣᠭᠠᠷ ᠠᠯᠪᠠᠳᠠᠯᠭ᠎ᠠ ᠪᠠᠷ ᠨᠤᠷᠠᠭᠠᠨ᠎ᠠ᠃ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠬᠠᠮᠢᠶ᠎ᠠ ᠪᠥᠬᠦᠶ ᠬᠥᠳᠡᠯᠦᠯ ᠪᠠᠶᠢᠳᠠᠯ ᠢ ᠨᠢᠭᠲᠠ ᠠᠩᠬᠠᠷᠴᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠰᠠᠶᠢᠲᠤᠷ ᠬᠢᠬᠦ ᠶᠢ ᠬᠦᠰᠡᠵᠦ ᠪᠠᠶᠢᠨ᠎ᠠ᠃              ᠪᠠᠶᠠᠨᠪᠤᠯᠠᠭ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ᠄          0478 — 2391850 ᠪᠤᠶᠤ 13624789669                ᠬᠦᠬᠡᠨ᠋ᠦ᠋ᠠᠳᠤᠷ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ᠄       0478 — 4664075 ᠪᠤᠶᠤ  13224780175               ᠤᠦ ᠶᠢᠨ ᠭᠤᠤᠯ ᠰᠤᠮᠤ ᠶᠢᠨ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ᠄        0478 — 4615569 ᠪᠤᠶᠤ 15049844919               ᠤᠷᠠᠳ ᠤᠨ ᠬᠤᠶᠢᠲᠤ ᠬᠤᠰᠢᠭᠤᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ               ᠬᠠᠶ᠋ᠢᠭ᠄ ᠤᠷᠠᠳ ᠤᠨ ᠬᠤᠶᠢᠲᠤ ᠬᠤᠰᠢᠭᠤᠨ ᠤ  ᠴᠢᠯᠠᠭᠤᠨ ᠦᠵᠡᠬᠦᠯᠤᠯᠬᠡ ᠶᠢᠨ ᠬᠤᠲᠠ ᠶᠢᠨ ᠪᠠᠷᠠᠭᠤᠨ ᠡᠭᠦᠳᠡᠨ ᠤ ᠡᠮᠦᠨ᠎ᠡ ᠲᠠᠯ᠎ᠠ ᠶᠢᠨ 2 ᠳ᠋ᠤᠭᠠᠷ ᠨᠣᠮᠧᠷ               ᠬᠠᠷᠢᠯᠴᠠᠬᠤ ᠬᠥᠮᠦᠨ᠄ ᠦ᠋ ᠠᠪᠤᠭᠠᠶ 18904784599                             ᠯᠢ ᠠᠪᠤᠭᠠᠢ 18047802428                                      ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ                                2022 ᠣᠨ ᠤ 3 ᠰᠠᠷ᠎ᠠ ᠶᠢᠨ 14 
ᠢᠷᠡᠯᠲᠡ᠄ ᠲᠤᠰ ᠰᠦᠯᠵᠢᠶ᠎ᠠ