ᠬᠤᠸᠠᠩ ᡁᠢ ᠴᠢᠶᠠᠩ ᠬᠦᠬᠡᠬᠤᠳᠠ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠬᠤ ᠳᠠᠭᠠᠨ ᠴᠢᠬᠤᠯᠠᠴᠢᠯᠠᠭᠰᠠᠨᠨ ᠨᠢ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ
  
2022/4/8
           4 ᠰᠠᠷ᠎ᠠ ᠶᠢᠨ 6   ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠦᠯᠬᠦᠮ ᠳᠠᠭᠠᠭᠤᠯᠤᠨ ᠬᠥᠬᠡᠬᠤᠲᠠ ᠶᠢᠨ ᠬᠦᠮᠦᠨ ᠬᠠᠷ᠎ᠠ ᠲᠦᠪᠯᠡᠷᠡᠭᠰᠡᠨ ᠲᠠᠯᠠᠪᠤᠷ ᠪᠣᠯᠤᠨ ᠭᠤᠣᠯᠳᠠᠯᠭ᠎ᠠ ᠎ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠡᠬᠢᠯᠡᠭᠦᠯᠪᠡ᠃ ᠲᠡᠷᠡ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠯᠠᠪᠳᠠᠭᠤᠨ ᠪᠠᠲᠤᠲᠠᠢ ᠥᠷᠨᠢᠭᠦᠯᠵᠦ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠪᠣᠯᠤᠨ ᠠᠶᠤᠯᠬᠦᠢ ᠬᠦᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠸᠠᠩ ᡁᠢ ᠴᠢᠶᠠᠩ ᠬᠥᠬᠡᠬᠤᠲᠠ ᠶᠢᠨ ᠸᠠᠨ ᠳ᠋ᠠ ᠠᠭᠤᠳᠠᠮ ᠲᠠᠯᠠᠪᠠᠢ ᠶᠢᠨ ᠳᠥᠷᠪᠡᠳᠦᠭᠡᠷ ᠳᠠᠪᠬᠤᠷᠯᠢᠭ ᠤᠨ ᠺᠢᠨᠣ᠋ ᠶᠢᠨ ᠤᠷᠳᠤᠨ᠂   ᠤᠮᠳᠠᠭᠠᠨ ᠤ ᠬᠤᠳᠠᠯᠳᠤᠭᠠᠴᠢᠨ ᠡᠷᠦᠬᠡ ᠶᠢᠨ ᠲᠣᠭᠤᠭᠠᠨ ᠭᠡᠷ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠢ ᠡᠵᠡᠮᠳᠡᠬᠦ ᠲᠥᠪ ᠪᠣᠯᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠤᠰᠤᠨ ᠬᠥᠭᠡᠷᠭᠡ ᠶᠢᠨ ᠲᠠᠰᠤᠭ ᠲᠤ ᠬᠦᠷᠴᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠲᠦᠷᠢᠮ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ᠂ ᠠᠮᠤᠷ ᠲᠦᠪᠰᠢᠨ ᠤ ᠡᠭᠦᠳᠡ᠂ ᠲᠠᠷᠬᠠᠭᠠᠨ ᠶᠠᠪᠤᠭᠤᠯᠬᠤ ᠵᠠᠮ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠪᠠᠶᠢᠳᠠᠯ ᠢ ᠭᠤᠣᠯᠳᠠᠯᠭ᠎ᠠ ᠲᠠᠢ ᠨᠠᠷᠢᠨ ᠪᠠᠶᠢᠴᠠᠭᠠᠵᠤ᠂ ᠪᠠᠶᠢᠴᠠᠭᠠᠬᠤ ᠳᠤᠮᠳᠠ ᠢᠯᠡᠷᠡᠭᠦᠯᠦᠭᠰᠡᠨ ᠭᠡᠮ ᠰᠣᠭᠤᠭ ᠤᠨ ᠠᠰᠠᠭᠤᠳᠠᠯ ᠢ ᠴᠢᠩᠭ᠎ᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃      ᠬᠥᠬᠡᠬᠤᠲᠠ ᠶᠢᠨ ᠵᠥᠩ ᠷᠠᠨ ᠬᠤᠲᠠ ᠶᠢᠨ ᠰᠢᠲᠠᠮᠠᠬᠠᠢ ᠬᠡᠶ ᠶᠢᠨ ᠬᠦᠭᠵᠢᠯᠲᠡ ᠶᠢᠨ ᠬᠢᠵᠠᠭᠠᠷᠲᠤ ᠺᠣᠮᠫᠠᠨᠢ ᠳᠤ᠂ ᠬᠤᠸᠠᠩ ᡁᠢ ᠴᠢᠶᠠᠩ ᠠᠵᠤ ᠠᠬᠤᠶᠢᠯᠠᠯ ᠤᠨ ᠲᠥᠬᠦᠭᠡᠷᠦᠮᠵᠢ ᠶᠢᠨ ᠬᠡᠪ ᠤᠨ ᠪᠠᠶᠢᠳᠠᠯ ᠢᠶᠠᠷ ᠠᠵᠢᠯᠯᠠᠵᠤ ᠪᠠᠶᠢᠬᠤ ᠡᠰᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ᠂ ᠠᠷᠠᠴᠢᠯᠠᠨ ᠬᠠᠮᠠᠭᠠᠯᠠᠵᠤ ᠪᠠᠶᠢᠬᠤ ᠡᠰᠡᠬᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠵᠦ ᠪᠠᠶᠢᠬᠤ ᠡᠰᠡᠬᠦ᠂ ᠠᠶᠤᠯ ᠥᠬᠡᠶ ᠦᠢᠯᠡᠳᠪᠦᠷᠢᠯᠡᠯ ᠤᠨ ᠲᠦᠷᠢᠮ ᠪᠦᠷᠢᠨ ᠲᠡᠭᠦᠯᠳᠡᠷ ᠪᠠᠶᠢᠬᠤ ᠡᠰᠡᠬᠦ ᠶᠢ ᠨᠠᠷᠢᠨ ᠠᠰᠠᠭᠤᠵᠤ ᠯᠠᠪᠯᠠᠪᠠ᠃ ᠲᠡᠷᠡ᠂ ᠠᠵᠤ ᠠᠬᠤᠶᠢᠯᠠᠯ ᠣᠶᠢᠷ᠎ᠠ ᠶᠢᠨ ᠬᠤᠭᠤᠴᠠᠭᠠᠨ ᠤ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      
          