ᠸᠠᠩ ᠯᠢ ᠰᠢᠶᠠ᠄ ᠦᠵᠡᠯ ᠰᠠᠨᠠᠭ᠎ᠠ ᠪᠠᠨ ᠦᠯᠤ ᠴᠠᠯᠠᠭᠠᠶᠢᠳᠠᠭᠤᠯᠵᠤ ᠠᠷᠭ᠎ᠠ ᠬᠡᠮᠵᠢᠶ᠎ᠡ ᠪᠠᠨ ᠦᠯᠤ ᠰᠤᠯᠠᠷᠠᠭᠤᠯᠵᠤ ᠡᠷᠴᠢᠮ ᠢᠶᠠᠨ ᠦᠯᠤ ᠰᠤᠯᠠᠳᠬᠠᠵᠤ ᠴᠡᠭᠴᠡᠯᠡᠨ ᠰᠠᠶᠢᠵᠢᠷᠠᠭᠤᠯᠤᠯᠳᠠ ᠶᠢᠨ ᠡᠷᠡᠰ ᠲᠦᠢᠯᠪᠤᠷᠢᠳᠠᠢ ᠪᠣᠳᠠᠲᠠᠢ ᠨᠠᠶᠢᠳᠠᠪᠤᠷᠢᠵᠢᠭᠤᠯᠤᠭᠳᠠᠵᠦ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2022/5/10
        5 ᠰᠠᠷ᠎ᠠ ᠶᠢᠨ 5 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠠᠴᠠ ᠰᠢᠯᠵᠢᠭᠦᠯᠦᠨ ᠲᠤᠰᠢᠶᠠᠭᠰᠠᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠸᠢᠳᠢᠣ᠋ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠬᠡᠷᠡᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠠᠷᠯᠡᠨ ᠮᠡᠳᠡᠭᠳᠡᠵᠦ᠂ ᠡᠯ᠎ᠡ ᠠᠶᠢᠮᠠᠭ ᠬᠤᠳᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡᠳ ᠨᠢᠭᠡ ᠪᠠᠷ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠤᠳᠠᠳᠠᠢ ᠨᠠᠶᠢᠳᠠᠪᠤᠷᠢᠵᠢᠭᠤᠯᠤᠭᠳᠠᠵᠦ ᠦᠷ᠎ᠡ ᠪᠦᠲᠦᠮᠵᠢ ᠤᠯᠬᠤ ᠶᠢ ᠠᠬᠢᠭᠤᠯᠪᠠ᠃         ᠸᠠᠩ ᠯᠢ ᠰᠢᠶᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠪᠣᠯ ᠨᠠᠮ ᠤᠨ ᠲᠦᠪ ᠬᠤᠷᠢᠶᠠᠨ ᠤ ᠡᠮᠦᠨ᠎ᠡ ᠠᠴᠠ ᠲᠤᠰᠢᠶᠠᠨ ᠥᠭᠴᠦ ᠭᠦᠢᠴᠡᠳᠭᠡᠭᠦᠯᠦᠭᠰᠡᠨ ᠤᠯᠤᠰ ᠲᠦᠷᠦ ᠶᠢᠨ ᠡᠭᠦᠷᠭᠡ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠬᠢᠬᠦ ᠶᠢ ᠪᠠᠷᠢᠮᠲᠠᠯᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠦᠨᠳᠦᠷᠴᠡ ᠠᠴᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠶᠢᠪᠢᠰᠢ ᠦᠭᠡᠢ᠂ ᠱᠠᠭᠠᠷᠳᠠᠯᠭ᠎ᠠ ᠶᠤᠰᠤᠭᠠᠷ ᠰᠠᠶᠢᠲᠤᠷ ᠠᠳᠬᠤᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠬᠦᠴᠤᠯᠡᠴᠡ ᠪᠠᠨ ᠪᠠᠭᠤᠷᠠᠭᠤᠯᠬᠤ ᠦᠭᠡᠢ ᠪᠠᠶᠢᠬᠤ ᠶᠢ ᠪᠠᠶᠠᠯᠡᠬᠦᠯᠵᠤ᠂ ᠠᠬᠢᠴᠠ ᠪᠠᠨ ᠦᠯᠤ ᠤᠳᠠᠭᠠᠰᠢᠷᠠᠭᠤᠯᠵᠤ᠂ ᠠᠷᠭ᠎ᠠ ᠬᠡᠮᠵᠢᠶ᠎ᠡ ᠪᠠᠨ ᠦᠯᠤ ᠰᠤᠯᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠳᠤ ᠥᠨᠴᠥᠭ ᠪᠤᠯᠤᠩ ᠦᠯᠡᠳᠡᠭᠡᠬᠦ ᠦᠭᠡᠢ᠂ ᠬᠡᠯᠪᠡᠷᠢ ᠶᠢ ᠬᠤᠪᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠳᠤᠯᠠᠵᠤ᠂ ᠤᠯᠠᠨ ᠲᠦᠮᠡᠨ ᠢ ᠰᠡᠳᠭᠢᠯ ᠬᠠᠨᠤᠮᠵᠢᠲᠠᠢ ᠪᠠᠶᠢᠯᠭᠠᠬᠤ ᠬᠡᠷᠡᠭᠲᠡᠢ᠃        ᠢᠮᠠᠭᠲᠠ ᠰᠢᠰᠲ᠋ᠧᠮ ᠲᠠᠢ ᠳ᠋ᠦᠩᠨᠡᠬᠦ᠂ ᠨᠢᠭᠡ ᠠᠴᠠ ᠵᠦᠶ᠋ᠴᠢᠯᠡᠵᠦ ᠨᠥᠭᠦᠭᠡ ᠶᠢ ᠮᠡᠳᠡᠬᠦ ᠶᠢ ᠪᠠᠷᠢᠮᠲᠠᠯᠠᠵᠤ᠂ ᠨᠡᠶᠢᠲᠡᠴᠢ ᠴᠢᠨᠠᠷᠲᠠᠶ ᠠᠰᠠᠭᠤᠳᠠᠯ ᠢ ᠵᠠᠳᠠᠯᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠦᠬᠦ ᠲᠠᠯ᠎ᠠ ᠪᠠᠷ ᠪᠠᠶᠢᠳᠠᠯ ᠢ ᠤᠶᠢᠯᠠᠭᠠᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠠᠮᠢ ᠠᠬᠤᠶ ᠶᠢ ᠡᠪᠳᠡᠬᠦ ᠂ ᠣᠷᠴᠢᠨ ᠲᠣᠭᠤᠷᠢᠨ ᠢ ᠪᠣᠬᠢᠷᠲᠤᠭᠤᠯᠬᠤ ᠶᠠᠮᠠᠷᠪᠠ ᠦᠶ᠋ᠯᠡ ᠠᠵᠢᠯᠯᠠᠭ᠎ᠠ ᠶᠢ ᠣᠭᠲᠣ ᠠᠭᠤᠴᠢᠯᠠᠬᠤ ᠥᠬᠡᠶ ᠪᠠᠶᠢᠵᠤ᠂ ᠠᠳᠠᠯᠢ ᠲᠥᠷᠥᠯ ᠤᠨ ᠠᠰᠠᠭᠤᠳᠠᠯ ᠳᠠᠬᠢᠨ ᠳᠠᠪᠲᠠᠨ ᠭᠠᠷᠬᠤ ᠶᠢ ᠲᠠᠰᠤ ᠬᠤᠷᠢᠭᠯᠠᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠭᠡᠬᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠢᠮᠠᠬᠳᠠ ᠪᠠᠷᠢᠮᠳᠠᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠭᠦᠶ᠋ᠴᠡᠳᠭᠡᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠲᠤᠭᠤᠰᠢᠳᠠᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃        ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠡᠯ᠎ᠡ ᠠᠶᠢᠮᠠᠭ ᠬᠤᠲᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ