| 5 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 29 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ | ᠪᠣᠯᠤᠨ 5 ᠰᠠᠷ᠎ᠠ ᠶᠢᠨ 5 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠵᠤ ᠴᠢᠳᠠᠬᠤ᠂ ᠠᠵᠤ ᠠᠬᠤᠢ ᠶᠢ ᠲᠣᠭᠲᠠᠪᠤᠷᠢᠵᠢᠭᠤᠯᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠪᠣᠭᠤᠮᠲᠠ ᠶᠢᠨ ᠭᠠᠵᠠᠷ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠪᠢᠲᠡᠭᠦᠮᠵᠢᠯᠡᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠬᠡᠪᠴᠢᠶᠡᠵᠢᠯ ᠤᠨ ᠴᠢᠨᠠᠷᠲᠠᠢ ᠪᠠᠷ ᠳᠠᠬᠢᠨ ᠡᠭᠦᠰᠭᠦ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ | ᠰᠠᠬᠢᠬᠤ ᠬᠡᠷᠡᠭᠲᠡᠶ᠃ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠲᠥᠪ ᠤᠨ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠠᠴᠠ ᠮᠤᠯᠳᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ | ᠬᠡᠷᠡᠭᠵᠢᠭᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ ᠬᠡᠷᠡᠭᠵᠢᠭᠦᠯᠬᠦ︾ ᠠᠷᠭ᠎ᠠ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ | ᠬᠡᠷᠡᠭᠲᠡᠢ᠃ ᠠᠵᠢᠯ ᠣᠯᠭᠤᠯᠲᠠ ᠶᠢ ᠢᠳᠡᠪᠬᠢᠲᠡᠢ ᠪᠠᠷ ᠲᠣᠭᠲᠠᠪᠤᠷᠢᠵᠢᠭᠤᠯᠤᠨ ᠥᠷᠭᠡᠳᠭᠡᠵᠦ᠂ ᠦᠨᠳᠦᠰᠦᠨ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ | ᠪᠠᠲᠤᠯᠠᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠨᠠᠨ ᠤ ᠴᠠᠩᠱᠠ ᠶᠢᠨ ᠰᠠᠭᠤᠭᠠᠯᠢ ᠠᠷᠠᠳ ᠤᠨ ᠥᠪᠡᠰᠦᠪᠡᠨ ᠪᠠᠷᠢᠬᠰᠠᠨ ᠬᠡᠷ ᠪᠠᠶᠢᠰᠢᠩ | ᠨᠤᠷᠠᠭᠰᠠᠨ ᠠᠳᠡᠯ ᠤᠨ ᠲᠤᠬᠠᠶ ᠴᠢᠬᠤᠯᠠ ᠵᠢᠭᠠᠪᠤᠷᠢ ᠪᠣᠯᠤᠨ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ | ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠭᠦᠨᠵᠡᠭᠡᠢ ᠰᠤᠷᠭᠠᠮᠵᠢ ᠠᠪᠴᠤ᠂ ᠦᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠲᠦᠷᠭᠡᠪᠴᠢᠯᠡᠨ ᠪᠦᠬᠦ | ᠲᠠᠯ᠎ᠠ ᠪᠠᠷ ᠥᠷᠨᠢᠭᠦᠯᠵᠦ᠂ ᠵᠢᠭᠰᠠᠭᠠᠨ ᠪᠠᠶᠢᠴᠠᠭᠠᠬᠤ ᠳᠠᠭᠠᠨ ᠪᠣᠳᠠᠲᠠᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠳᠠᠭᠠᠨ ᠪᠣᠳᠠᠲᠠᠢ ᠪᠠᠶᠢᠵᠤ᠂ ᠡᠯ᠎ᠡ ᠲᠦᠷᠦᠯ ᠤᠨ | ᠠᠮᠤᠷ ᠲᠦᠪᠰᠢᠨ ᠤ ᠭᠡᠮ ᠰᠣᠭᠤᠭ ᠢ ᠡᠷᠡᠰ ᠠᠷᠢᠯᠭᠠᠬᠤ ᠬᠡᠷᠡᠭᠲᠡᠢ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠢᠶᠠᠨ ᠪᠣᠳᠠᠲᠠᠶ ᠠᠳᠬᠤᠨ᠂ ᠨᠢᠭᠡ ᠠᠴᠠ ᠨᠥᠭᠦᠭᠡ ᠶᠢ ᠵᠦᠶ᠋ᠴᠢᠯᠡᠨ | ᠭᠤᠤᠯᠳᠠᠯᠭ᠎ᠠ ᠲᠠᠢ ᠬᠦᠷᠢᠶᠡᠨ ᠤ ᠠᠶᠤᠯᠭᠦᠢ ᠦᠶ᠋ᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠦᠨᠳᠦ ᠣᠨᠴᠠ ᠶᠡᠭᠡ ᠠᠳᠡᠯ ᠭᠠᠷᠬᠤ ᠶᠢ | ᠡᠷᠡᠰ ᠰᠡᠷᠭᠡᠶᠢᠯᠡᠬᠦ ᠬᠡᠷᠡᠭᠲᠡᠶ ᠬᠡᠵᠤ ᠴᠢᠬᠤᠯᠠᠴᠢᠯᠠᠪᠠ᠃ | ᠬᠤᠷᠠᠯ ᠠᠴᠠ ᠲᠥᠪ ᠤᠨ ᠬᠤᠯᠪᠤᠭᠳᠠᠯ ᠪᠥᠬᠦᠶ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠰᠠᠶᠢᠲᠤᠷ ᠠᠳᠬᠤᠵᠤ᠂ ᠡᠯ᠎ᠡ ᠵᠦᠶ᠋ᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠴᠢᠭᠯᠡᠬᠦᠯᠦᠯᠳᠤ ᠴᠢᠨᠠᠷ ᠢᠶᠠᠷ | ᠴᠢᠩᠭ᠎ᠠ ᠠᠷᠭ᠎ᠠ ᠪᠠᠷ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠲᠠᠰᠤᠷᠠᠯᠳᠠ ᠦᠭᠡᠢ ᠨᠡᠮᠡᠭᠳᠡᠭᠦᠯᠬᠦ ᠶᠢ ᠠᠬᠢᠭᠤᠯᠵᠤ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ | ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ | ᠰᠢᠯᠵᠢᠭᠦᠯᠬᠦ ᠶᠢ ᠲᠦᠷᠭᠡᠳᠭᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ | ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ | ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠤᠨ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |