ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠨᠤᠭ ᠪᠠᠭᠤᠳᠠᠯ᠂ ᠬᠤᠭᠤᠯᠠ ᠤᠮᠳᠠ᠂ ᠵᠢᠵᠢᠭᠯᠡᠨ ᠬᠤᠳᠠᠯᠳᠤᠬᠤ᠂ | ᠵᠢᠭᠤᠯᠴᠢᠯᠠᠯ ᠵᠡᠷᠭᠡ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠲᠤ ᠦᠵᠡᠭᠦᠯᠬᠦ ᠨᠥᠯᠥᠭᠡ ᠶᠢ ᠠᠷᠭᠠᠴᠠᠭᠠᠵᠤ᠂ ᠠᠵᠤ ᠠᠬᠤᠶᠢᠯᠠᠯ | ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢᠨ | ᠬᠤᠭᠤᠴᠠᠭ᠎ᠠ ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢᠶᠠᠨ | ᠰᠡᠷᠭᠦᠭᠡᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ ︽ᠬᠦᠷᠦᠯᠴᠡᠬᠦ ᠴᠢᠨᠠᠷᠲᠠᠢ | ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠠᠷᠢᠯᠢᠭ ᠣᠨᠣᠴᠠᠲᠠᠢ ᠪᠠᠷ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠪᠠᠭᠤᠯᠭᠠᠪᠠ᠃ | ︽ᠮᠡᠳᠡᠭᠳᠡᠯ︾ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ᠂ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠶᠢ ᠴᠢᠩᠭᠠᠳᠬᠠᠬᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠪᠥᠬᠦ ᠲᠠᠯ᠎ᠠ ᠪᠠᠷ ᠬᠥᠭᠵᠢᠭᠡᠬᠦ᠂ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠪᠠᠷ ᠱᠠᠲᠤ ᠱᠠᠲᠤ ᠪᠠᠷ ᠬᠦᠴᠦᠯᠡᠵᠦ᠂ ᠪᠥᠬᠦ ᠣᠷᠣᠨ ᠤ ᠬᠦᠷᠦᠯᠴᠡᠬᠦ ᠴᠢᠨᠠᠷᠲᠠᠢ | ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠢ ᠨᠠᠷᠢᠯᠢᠭ ᠣᠨᠣᠴᠠᠲᠠᠢ ᠪᠠᠷ ᠰᠢᠢᠳᠪᠦᠷᠢᠯᠡᠬᠦ ᠪᠠᠷ ᠪᠣᠢ᠃ | ︽ᠮᠡᠳᠡᠭᠳᠡᠯ︾ ᠳᠤ ᠵᠢᠭᠠᠭᠰᠠᠨ ᠨᠢ᠂ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯᠲᠠᠨ ᠠᠵᠢᠯᠴᠢᠨ ᠳᠤ ᠲᠣᠭᠲᠠᠮᠠᠯ ᠬᠤᠭᠤᠴᠠᠭ᠎ᠠ ᠲᠠᠢ ᠪᠥᠭᠡᠮ ᠬᠦᠴᠢᠯ ᠤᠨ ᠪᠠᠶᠢᠴᠠᠭᠠᠯᠲᠠ ᠶᠢ ᠰᠦᠢᠳᠬᠡᠯ | ᠬᠤᠷᠢᠶᠠᠬᠤ ᠦᠭᠡᠢ ᠪᠠᠷ ᠬᠢᠵᠦ᠂ ᠬᠢᠵᠢᠭ ᠢ ᠰᠡᠷᠭᠡᠶᠢᠯᠡᠬᠦ᠂ ᠠᠷᠢᠭᠤᠳᠬᠠᠬᠤ ᠵᠠᠷᠤᠯᠭ᠎ᠠ ᠳᠤ ᠨᠥᠬᠦᠪᠦᠷᠢ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠠᠵᠢᠯᠲᠠᠨ ᠢᠶᠠᠨ | ᠬᠠᠰᠤᠬᠤ ᠦᠭᠡᠢ᠂ ᠠᠵᠢᠯᠲᠠᠨ ᠢᠶᠠᠨ ᠳᠤᠲᠠᠭᠤ ᠬᠠᠰᠤᠬᠤ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ | ᠲᠦᠭᠡᠮᠡᠯ ᠬᠠᠷᠠᠭᠠᠯᠵᠠᠯ ᠤᠨ ᠴᠢᠨᠠᠷᠲᠠᠢ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠠᠵᠤ ᠠᠬᠤᠶᠢᠯᠠᠯ ᠤᠨ ᠳᠡᠭᠡᠷ᠎ᠡ ᠵᠢᠯ ᠤᠨ ᠪᠣᠳᠠᠲᠠᠢ ᠲᠤᠰᠢᠶᠠᠭᠰᠠᠨ ᠲᠣᠰ ᠵᠢᠯ ᠤᠨ | ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ 90% ᠪᠠᠷ ᠪᠤᠴᠠᠭᠠᠨ ᠥᠭᠴᠦ᠂ ︽ᠭᠤᠶᠤᠴᠢᠯᠠᠬᠤ ᠦᠭᠡᠢ ᠪᠠᠷ ᠰᠢᠭᠤᠳ ᠪᠤᠴᠠᠭᠠᠬᠤ︾ ᠪᠠᠷ | ᠳᠠᠮᠵᠢᠭᠤᠯᠤᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ ᠶᠢ ᠨᠠᠷᠢᠯᠢᠭ | ᠣᠨᠣᠴᠠᠲᠠᠢ ᠪᠠᠷ ᠣᠯᠭᠤᠵᠤ᠂ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠠᠵᠤ ᠠᠬᠤᠢ ᠨᠢ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠬᠢᠳᠡᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃ ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ᠂ ᠰᠦᠢᠳᠬᠡᠯ ᠥᠷᠢᠲᠦᠪᠡᠴᠦ ᠬᠠᠩᠭᠠᠯᠭ᠎ᠠ ᠲᠠᠰᠤᠯᠳᠠᠬᠤ ᠦᠭᠡᠢ ᠠᠷᠭ᠎ᠠ ᠬᠡᠮᠵᠢᠶ᠎ᠡ ᠠᠪᠴᠤ | ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠠᠴᠠ ᠡᠭᠦᠰᠦᠭᠰᠡᠨ ᠤᠰᠤ᠂ ᠴᠠᠬᠢᠯᠭᠠᠨ᠂ ᠰᠢᠲᠠᠮᠠᠬᠠᠢ ᠬᠡᠢ ᠶᠢᠨ ᠵᠠᠷᠤᠳᠠᠯ ᠢ 3 ᠰᠠᠷ᠎ᠠ ᠬᠤᠶᠢᠰᠢᠯᠠᠭᠤᠯᠤᠨ | ᠲᠤᠰᠢᠶᠠᠵᠤ ᠪᠣᠯᠬᠤ ᠶᠢᠨ ᠬᠠᠮᠲᠤ᠂ ᠡᠨᠡ ᠬᠦ ᠬᠤᠭᠤᠴᠠᠭᠠᠨ ᠳᠤ ᠡᠭᠦᠰᠦᠭᠰᠡᠨ ᠰᠦᠢᠳᠬᠡᠯ ᠥᠷᠢᠲᠦᠵᠦ ᠭᠡᠷ᠎ᠡ ᠵᠥᠷᠢᠴᠡᠭᠰᠡᠨ ᠮᠥᠩᠭᠦ ᠶᠢ ᠬᠠᠰᠤᠨ ᠬᠡᠯᠲᠦᠷᠢᠭᠦᠯᠵᠦ | ᠪᠣᠯᠣᠨ᠎ᠠ᠃ ᠨᠡᠪᠲᠡᠷᠡᠬᠦ ᠦᠨᠡᠮᠯᠡᠯ ᠤᠨ ᠪᠥᠬᠦ ᠤᠯᠤᠰ ᠲᠤ ᠨᠢᠭᠡᠳᠦᠯᠲᠡᠢ ᠮᠡᠳᠡᠷᠡᠬᠦ ᠶᠢ ᠲᠦᠷᠭᠡᠳᠬᠡᠵᠦ᠂ ᠨᠡᠪᠲᠡᠷᠡᠬᠦ ᠦᠨᠡᠮᠯᠡᠯ ᠢ ᠡᠯᠧᠺᠳ᠋ᠷᠤᠨᠴᠢᠯᠠᠬᠤ᠂ ᠰᠦᠯᠵᠢᠶᠡᠨ | ᠳᠡᠭᠡᠷ᠎ᠡ ᠭᠦᠢᠴᠡᠳᠬᠡᠬᠦ ᠶᠢ ᠳᠡᠯᠭᠡᠷᠡᠭᠦᠯᠬᠦ ᠬᠡᠷᠡᠭᠲᠡᠢ᠃ ᠠᠴᠢᠶᠠᠨ ᠤ ᠮᠠᠰᠢᠨ ᠤ ᠵᠢᠯᠣᠭᠤᠴᠢ ᠳᠤ ︽ᠪᠠᠷᠢᠨ ᠪᠠᠶᠢᠴᠠᠭᠠᠵᠤ ᠪᠠᠷᠢᠨ ᠶᠠᠪᠤᠭᠤᠯᠵᠤ ᠪᠠᠷᠢᠨ ᠨᠡᠬᠡᠬᠦ︾ | ᠪᠢᠲᠡᠭᠦᠦ ᠴᠠᠭᠠᠷᠢᠭᠲᠤ ᠬᠠᠮᠢᠶᠠᠷᠤᠯᠲᠠ ᠶᠢ ᠬᠡᠷᠡᠭᠵᠢᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠢ ᠪᠥᠬᠦ ᠤᠯᠤᠰ ᠲᠤ ᠬᠠᠷᠢᠯᠴᠠᠨ ᠮᠡᠳᠡᠷᠡᠵᠦ ᠨᠡᠶᠢᠳᠡᠮ | ᠬᠡᠷᠡᠭᠯᠡᠨ᠂ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠂ ᠬᠦᠴᠦᠨ ᠲᠠᠢ ᠬᠤᠭᠤᠴᠠᠭᠠᠨ ᠳᠤ ᠪᠠᠶᠢᠴᠠᠭᠠᠯᠲᠠ ᠬᠢᠯᠭᠡᠬᠦ ᠪᠠᠷ ᠳᠠᠬᠢᠨ ᠳᠠᠪᠲᠠᠨ ᠱᠠᠭᠠᠷᠳᠠᠵᠤ ᠪᠣᠯᠬᠤ | ᠦᠭᠡᠢ᠂ ᠠᠴᠢᠶᠠᠨ ᠤ ᠮᠠᠰᠢᠨ ᠤ ᠵᠢᠯᠣᠭᠤᠴᠢ ᠶᠢᠨ ᠠᠵᠢᠯ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠡᠢ᠃ | ︽ᠮᠡᠳᠡᠭᠳᠡᠯ︾ ᠳᠤ ᠱᠠᠭᠠᠷᠳᠠᠭᠰᠠᠨ ᠨᠢ᠂ ︽ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ︾ ᠶᠢᠨ ᠳᠡᠮᠵᠢᠯᠭᠡ ᠶᠢᠨ ᠬᠡᠪᠴᠢᠶ᠎ᠡ ᠶᠢ ᠥᠷᠭᠡᠳᠬᠡᠬᠦ᠂ | ᠬᠦᠷᠦᠯᠴᠡᠬᠦ ᠴᠢᠨᠠᠷᠲᠠᠢ ᠴᠤᠭᠯᠠᠷᠠᠬᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠳᠠᠭᠠᠭᠠᠯᠲᠠ ᠬᠠᠩᠭᠠᠬᠤ ᠵᠡᠷᠭᠡ ᠲᠠᠯ᠎ᠠ ᠪᠠᠷ ᠪᠡᠯᠡ | ᠲᠣᠬᠢᠷᠠᠭᠤᠯᠭ᠎ᠠ ᠳᠤ ᠳᠠᠭᠠᠭᠠᠯᠲᠠ ᠬᠢᠬᠦ ᠳᠡᠮᠵᠢᠯᠭᠡ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ᠂ ᠲᠣᠮᠣ ᠬᠡᠯᠪᠡᠷᠢ ᠶᠢᠨ ᠡᠯᠧᠺᠳ᠋ᠷᠣᠨ | ᠬᠤᠳᠠᠯᠳᠤᠭᠠᠨ ᠤ ᠲᠠᠪᠴᠠᠩ ᠤᠨ ᠰᠦᠢᠳᠬᠡᠯ ᠢ ᠪᠠᠭᠤᠷᠠᠭᠤᠯᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠬᠤ ᠪᠠ | ᠬᠥᠲᠥᠯᠥᠨ ᠵᠢᠯᠤᠭᠤᠳᠴᠤ᠂ ᠡᠯ᠎ᠡ ᠲᠥᠷᠥᠯ ᠤᠨ ᠦᠨ᠎ᠡ ᠵᠠᠰᠠᠬᠤ ᠵᠣᠭᠤᠰ ᠢ ᠤᠯᠠᠮ ᠨᠢᠭᠡ ᠠᠯᠬᠤᠮ ᠪᠠᠭᠤᠷᠠᠭᠤᠯᠵᠤ᠂ ᠬᠤᠳᠠᠯᠳᠤᠭᠠᠨ ᠤ ᠡᠷᠦᠬᠡ ᠶᠢᠨ | ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ ᠲᠠᠪᠤᠨ ᠰᠠᠷ᠎ᠠ ᠶᠢᠨ ᠨᠢᠭᠡᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠵᠡᠷᠭᠡ ᠪᠠᠶᠠᠷ | ᠳᠤᠷᠠᠰᠬᠠᠯ ᠤᠨ ᠠᠮᠠᠷᠠᠯᠲᠠ ᠶᠢᠨ ᠡᠳᠦᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠨᠡᠷᠡᠲᠦ ᠲᠡᠮᠳᠡᠭᠲᠦ ᠪᠠ ᠶᠠᠰᠤ ᠴᠢᠨᠠᠷ ᠤᠨ ᠰᠦᠯᠵᠢᠶᠡᠨ ᠤ ᠬᠤᠳᠠᠯᠳᠤᠭᠠᠨ ᠤ | ᠪᠠᠶᠠᠷ︾᠂ ︽ᠲᠠᠪᠤᠨ ᠰᠠᠷ᠎ᠠ ᠶᠢᠨ ᠨᠢᠭᠡᠨ ᠤ ᠪᠠᠶᠠᠷᠲᠤ ᠬᠤᠳᠠᠯᠳᠤᠭ᠎ᠠ︾᠂ ︽ᠮᠠᠰᠢᠨ ᠲᠡᠷᠭᠡ ᠤ ᠪᠥᠭᠡᠮ ᠬᠤᠳᠠᠯᠳᠤᠭ᠎ᠠ︾᠂ ︽ᠠᠮᠲᠠᠲᠤ ᠢᠳᠡᠭᠡᠨ ᠤ ᠴᠤᠭᠯᠠᠭᠠᠨ︾ | ᠵᠡᠷᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 600 ᠭᠠᠷᠤᠢ ᠲᠠᠯᠠᠪᠤᠷ ᠠᠴᠠ ᠳᠡᠭᠡᠭᠰᠢ ᠵᠣᠬᠢᠶᠠᠨ ᠪᠠᠶᠢᠭᠤᠯᠤᠨ᠎ᠠ᠃ ᠡᠯ᠎ᠡ ᠭᠠᠵᠠᠷ ᠣᠷᠣᠨ ᠵᠣᠬᠢᠬᠤ | ᠬᠡᠪᠴᠢᠶᠡᠨ ᠤ ᠡᠳ᠋ ᠤᠨ ᠵᠠᠰᠠᠭ ᠤᠨ ᠪᠡᠯᠡ ᠮᠥᠩᠭᠦ ᠲᠣᠬᠢᠷᠠᠭᠤᠯᠬᠤ᠂ ᠬᠡᠷᠡᠭᠯᠡᠭᠡᠨ ᠤ ᠲᠤᠯᠭᠠᠨ ᠬᠡᠷᠡᠭᠯᠡᠬᠦ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ᠂ ᠬᠤᠨᠤᠭ | ᠪᠠᠭᠤᠳᠠᠯ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ ᠵᠡᠷᠭᠡ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠢ | ᠪᠥᠬᠦ ᠲᠠᠯ᠎ᠠ ᠪᠠᠷ ᠬᠥᠭᠵᠢᠭᠡᠬᠦ ᠬᠡᠷᠡᠭᠲᠡᠢ ᠭᠡᠵᠡᠢ᠃ | | | |