ᠥᠷᠭᠡᠨ ᠤᠯᠠᠨ ᠠᠷᠠᠳ ᠲᠦᠮᠡᠨ ᠳᠤ᠄ | ᠣᠳᠣᠬᠠᠨ ᠳᠤ᠂ ᠮᠠᠨ ᠤ ᠬᠤᠰᠢᠭᠤ ᠨᠢᠭᠡᠨᠲᠡ ᠦᠶᠡᠷ ᠤᠨ ᠬᠤᠭᠤᠴᠠᠭᠠᠨ ᠳᠤ ᠪᠥᠬᠦ ᠲᠠᠯ᠎ᠠ ᠪᠠᠷ ᠣᠷᠣᠵᠤ᠂ ᠣᠬᠤᠷ ᠴᠠᠭ ᠤᠨ ᠰᠢᠷᠦᠭᠦᠨ ᠪᠣᠷᠣᠭᠠᠨ᠂ | ᠠᠶᠤᠩᠭᠠᠲᠤ ᠪᠣᠷᠣᠭᠠᠨ ᠶᠡᠭᠡ ᠰᠠᠯᠬᠢ ᠵᠡᠷᠭᠡ ᠰᠢᠷᠦᠭᠦᠨ ᠰᠣᠯᠢᠭ ᠤᠷᠤᠰᠬᠠᠯ ᠤᠨ ᠠᠭᠤᠷ ᠠᠮᠢᠰᠬᠤᠯ ᠣᠯᠠᠨ ᠡᠭᠦᠰᠴᠦ᠂ ᠣᠬᠤᠷ ᠴᠠᠭ ᠤᠨ ᠰᠢᠷᠦᠭᠦᠨ | ᠪᠣᠷᠣᠭᠠᠨ ᠠᠴᠠ ᠡᠭᠦᠰᠦᠭᠰᠡᠨ ᠠᠭᠤᠯᠠᠨ ᠦᠶᠡᠷ ᠤᠨ ᠭᠠᠮᠰᠢᠭ ᠨᠢ ᠭᠡᠨᠡᠳᠲᠡ ᠶᠢᠨ ᠴᠢᠨᠠᠷ ᠢᠶᠠᠷ ᠴᠢᠩᠭ᠎ᠠ᠂ ᠤᠰᠤᠨ ᠤ ᠬᠡᠮᠵᠢᠶ᠎ᠡ ᠶᠢᠨ ᠲᠥᠪᠯᠡᠷᠡᠩᠭᠦᠶ ᠤᠷᠤᠰᠬᠠᠯ ᠤᠨ | ᠬᠤᠷᠳᠤᠴᠠ ᠪᠠᠷ ᠶᠡᠭᠡ᠂ ᠤᠷᠤᠰᠬᠠᠨ ᠡᠪᠳᠡᠬᠦ ᠬᠦᠴᠦᠨ ᠢᠶᠠᠷ ᠴᠢᠩᠭ᠎ᠠ ᠵᠡᠷᠭᠡ ᠣᠨᠴᠠᠯᠢᠭ ᠲᠠᠢ ᠪᠠᠶᠢᠳᠠᠭ᠃ ᠮᠠᠨ ᠤ ᠬᠤᠰᠢᠭᠤᠨ ᠤ ᠮᠤᠨᠢ ᠠᠭᠤᠯᠠ ᠨᠢᠷᠤᠭᠤ ᠶᠢᠨ | ᠠᠭᠤᠯᠠ ᠶᠢᠨ ᠦᠶᠡᠷ ᠤᠨ ᠭᠤᠤ ᠶᠢᠨ ᠠᠮᠠ ᠨᠡᠯᠢᠶᠡᠳ ᠣᠯᠠᠨ ᠪᠥᠭᠡᠳ ᠠᠭᠤᠷ ᠠᠮᠢᠰᠬᠤᠯ ᠤᠨ ᠪᠠᠶᠢᠳᠠᠯ ᠪᠤᠳᠤᠯᠢᠶᠠᠨᠲᠠᠶ ᠪᠠᠶᠢᠵᠤ᠂ ᠠᠭᠤᠯᠠ ᠶᠢᠨ ᠦᠶᠡᠷ ᠤᠨ | ᠭᠠᠮᠰᠢᠭ ᠤᠨ ᠡᠪᠳᠡᠯᠡᠭᠡ ᠶᠢᠨ ᠴᠢᠨᠠᠷ ᠪᠠ ᠲᠣᠭᠲᠠᠪᠤᠷᠢ ᠥᠬᠡᠶ ᠴᠢᠨᠠᠷ ᠢ ᠤᠯᠠᠮ ᠬᠡᠴᠡᠭᠦᠳᠡᠭᠦᠯᠵᠡᠶ᠃ ᠪᠦᠷᠢᠳᠬᠡᠯ ᠢ ᠦᠨᠳᠦᠰᠦᠯᠡᠪᠡᠯ 2010-2020 ᠣᠨ ᠤ | ᠬᠤᠭᠤᠷᠣᠨᠳᠣ᠂ ᠪᠦᠭᠦ ᠤᠯᠤᠰ ᠲᠤ ᠵᠢᠯ ᠪᠦᠷᠢ ᠠᠭᠤᠯᠠᠨ ᠦᠶᠡᠷ ᠤᠨ ᠭᠠᠮᠰᠢᠭ ᠠᠴᠠ ᠪᠤᠯᠵᠤ ᠦᠬᠦᠵᠤ ᠪᠠᠶᠢᠭ᠎ᠠ ᠬᠥᠮᠦᠨ 600 ᠭᠠᠷᠤᠶ ᠪᠠᠶᠢᠨ᠎ᠠ᠂ ᠪᠦᠭᠦ | ᠬᠤᠰᠢᠭᠤᠨ ᠤ ᠠᠷᠠᠳ ᠤᠯᠠᠨ ᠤ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠥᠮᠦᠨ ᠬᠠᠷ᠎ᠠ ᠦᠬᠦᠵᠦ | ᠰᠢᠷᠬᠠᠲᠤᠬᠤ ᠪᠠ ᠡᠳ᠋ ᠬᠤᠭᠰᠢᠯ ᠬᠤᠬᠢᠷᠠᠬᠤ ᠠᠴᠠ ᠵᠠᠶᠢᠯᠠᠰᠬᠢᠬᠦ ᠶᠢᠨ ᠲᠤᠰᠠᠳᠠ᠂ ᠦᠶᠡᠷ ᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠠᠮᠳᠠᠬᠦ᠂ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠨᠣᠭᠤᠭᠠᠷᠠᠭᠤᠯᠬᠤ ᠣᠷᠴᠢᠨ ᠲᠣᠭᠤᠷᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠤᠯᠠᠨ ᠲᠠᠯ᠎ᠠ ᠶᠢᠨ | ᠬᠦᠴᠦᠨ ᠵᠦᠢᠯ ᠢ ᠪᠣᠳᠣᠯᠬᠢᠯᠠᠨ᠂ ᠬᠤᠯᠪᠣᠭᠳᠠᠯ ᠪᠦᠭᠦᠢ ᠵᠦᠢᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠪᠣᠶ ᠪᠥᠬᠦᠶ ᠲᠡᠷᠭᠡ ᠬᠥᠰᠬᠡ ᠶᠢ ᠤᠯᠤᠰ ᠤᠨ ᠵᠠᠮ ᠤᠨ 335 ︵ ᠬᠦᠬᠡᠴᠤ ᠠᠴᠠ ᠴᠢᠩ ᠱᠠᠨ ᠬᠦᠷᠬᠦ ᠱᠤᠭᠤᠮ ᠤᠨ ᠬᠡᠰᠡᠭ︶ ᠵᠠᠮ | ᠳᠠᠭᠠᠤ ᠶᠢᠨ ᠭᠤᠤᠯ ᠵᠠᠮ᠂ ᠵᠠᠮ ᠤᠨ ᠰᠠᠭᠤᠷᠢ ᠶᠢᠨ ᠨᠠᠯᠠᠤ ᠶᠢᠨ ᠨᠢᠭᠤᠷ ᠵᠢᠴᠢ ᠵᠠᠮ ᠤᠨ ᠳᠣᠤᠷᠠᠳᠤ ᠭᠤᠤ ᠳᠤ ᠵᠣᠭᠰᠣᠭᠠᠵᠤ ᠪᠣᠯᠬᠤ ᠥᠬᠡᠶ᠂ ᠬᠥᠮᠦᠰ ᠭᠤᠤ ᠳᠤ | ᠣᠷᠣᠵᠤ ᠵᠤᠭᠠᠴᠠᠨ ᠨᠠᠭᠠᠳᠴᠤ ᠪᠣᠯᠬᠤ ᠥᠬᠡᠶ᠂ ᠬᠡᠷᠪᠡ ᠪᠠᠴᠢᠮ ᠪᠠᠶᠢᠳᠠᠯ ᠲᠣᠬᠢᠶᠠᠯᠳᠤᠪᠠᠯ ᠲᠡᠷᠭᠡ ᠪᠠᠨ ᠪᠠᠴᠢᠮ ᠲᠡᠷᠭᠡᠨ ᠵᠠᠮ ᠳᠤ ᠵᠣᠭᠰᠣᠭᠠᠵᠤ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠲᠣᠭᠲᠠᠭᠠᠯ ᠠᠴᠠ ᠵᠥᠷᠢᠴᠡᠭᠰᠡᠨ ᠲᠡᠷᠭᠡ ᠬᠥᠰᠬᠡ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠭᠰᠠᠨ ᠢ ᠰᠢᠢᠳᠪᠤᠷᠢᠯᠠᠨ᠎ᠠ᠃ | ᠬᠤᠶᠠᠷ᠂ ᠠᠭᠤᠯᠠᠷᠬᠠᠭ ᠣᠷᠣᠨ ᠤ ᠳᠣᠲᠣᠷᠠᠬᠢ ᠠᠭᠤᠯᠠᠨ ᠦᠶᠡᠷ ᠵᠡᠷᠭᠡ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠭᠡᠨᠡᠳᠲᠡ ᠶᠢᠨ ᠴᠢᠨᠠᠷ ᠠᠴᠠ | ᠪᠤᠯᠵᠤ᠂ ᠤᠷᠠᠳ ᠤᠨ ᠬᠤᠶᠢᠲᠤ ᠬᠤᠰᠢᠭᠤᠨ ᠤ ᠬᠢᠯᠢ ᠳᠣᠲᠣᠷᠠᠬᠢ ᠡᠯ᠎ᠡ ᠠᠭᠤᠯᠠᠨ ᠦᠶᠡᠷ ᠤᠨ ᠭᠤᠤ ᠶᠢᠨ ᠠᠮᠠᠰᠠᠷ᠂ ᠢᠯᠠᠩᠭᠤᠶ᠎ᠠ ᠬᠦᠬᠡᠴᠤ ᠠᠴᠠ ᠴᠢᠩ ᠱᠠᠨ | ᠬᠦᠷᠬᠦ ᠱᠤᠭᠤᠮ ᠳᠠᠭᠠᠤ ᠬᠤᠶᠠᠷ ᠲᠠᠯ᠎ᠠ ᠶᠢᠨ ᠭᠤᠤ ᠶᠢᠨ ᠳᠣᠲᠣᠷ᠎ᠠ ᠳᠤᠷ᠎ᠠ ᠪᠠᠷ ᠢᠶᠠᠨ ᠭᠠᠯ ᠲᠦᠯᠡᠵᠦ ᠰᠢᠷᠠᠯᠠᠬᠤ᠂ ᠬᠡᠭᠡᠷ᠎ᠡ ᠪᠠᠭᠤᠳᠠᠯᠯᠠᠬᠤ᠂ ᠬᠡᠭᠡᠷ᠎ᠡ | ᠬᠤᠭᠤᠯᠠᠯᠠᠬᠤ ᠶᠢ ᠬᠢᠵᠦ ᠪᠣᠯᠬᠤ ᠦᠭᠡᠢ᠃ ᠬᠦᠬᠡᠴᠤ ᠠᠴᠠ ᠴᠢᠩ ᠱᠠᠨ ᠬᠦᠷᠬᠦ ᠱᠤᠭᠤᠮ ᠳᠠᠭᠠᠤ ᠵᠢᠭᠤᠯᠴᠢᠯᠠᠯ ᠤᠨ ᠭᠠᠵᠠᠷ ᠪᠠᠶᠢᠬᠤ ᠦᠭᠡᠶ ᠮᠥᠷᠲᠡᠭᠡᠨ ᠣᠳᠣᠨ | ᠳᠡᠰ ᠤᠨ ᠬᠦᠯᠢᠶᠡᠨ ᠠᠪᠬᠤ ᠡᠷᠦᠬᠡ ᠴᠦ ᠪᠠᠶᠢᠬᠤ ᠦᠭᠡᠶ᠂ ᠪᠤᠶ ᠪᠦᠬᠦᠢ ᠰᠦᠢᠳᠬᠡᠯ ᠬᠤᠷᠢᠶᠠᠬᠤ ᠪᠣᠯ ᠴᠥᠮ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ | ᠪᠣᠯᠤᠨ᠎ᠠ᠃ | ᠭᠤᠷᠪᠠ᠂ ᠬᠦᠬᠡᠴᠤ ᠠᠴᠠ ᠴᠢᠩ ᠱᠠᠨ ᠳᠤ ᠬᠦᠷᠬᠦ ᠱᠤᠭᠤᠮ ᠤᠨ ᠭᠤᠣᠯ ᠵᠠᠮ ᠪᠠ ᠵᠠᠮ ᠤᠨ ᠬᠤᠶᠠᠷ ᠬᠠᠵᠠᠭᠤ ᠪᠠᠷ ᠬᠤᠭ ᠨᠣᠪᠰᠢ ᠬᠠᠶᠠᠬᠤ᠂ | ᠤᠰᠤᠨ ᠤ ᠡᠬᠢ ᠰᠤᠷᠪᠤᠯᠵᠢ ᠶᠢ ᠪᠣᠬᠢᠷᠲᠤᠭᠤᠯᠬᠤ᠂ ᠨᠤᠲᠤᠭ ᠪᠡᠯᠴᠢᠭᠡᠷ ᠢ ᠡᠪᠳᠡᠬᠦ ᠵᠡᠷᠭᠡ ᠶᠢ ᠴᠢᠩᠭ᠎ᠠ ᠴᠠᠭᠠᠵᠠᠯᠠᠨ᠎ᠠ᠃ | ᠥᠷᠭᠡᠨ ᠣᠯᠠᠨ ᠠᠷᠠᠳ ᠲᠦᠮᠡᠨ ᠭᠠᠷ ᠤᠲᠠᠰᠤ᠂ ᠲᠧᠯᠸᠢᠰ᠂ ᠷᠠᠳᠢᠣ᠋ ᠨᠡᠪᠲᠡᠷᠡᠭᠦᠯᠭᠡ ᠵᠢᠴᠢ ᠰᠦᠯᠵᠢᠶ᠎ᠡ ᠪᠠᠷ ᠳᠠᠮᠵᠢᠭᠤᠯᠤᠨ ᠴᠠᠭ ᠠᠭᠤᠷ ᠤᠨ ᠰᠠᠯᠠᠭ᠎ᠠ | ᠮᠥᠴᠢᠷ ᠤᠨ ᠨᠡᠶᠢᠲᠡᠯᠡᠭᠰᠡᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠨᠢᠭᠲᠠ ᠠᠩᠬᠠᠷᠴᠤ᠂ ᠬᠡᠷᠪᠡ ᠶᠡᠭᠡ ᠰᠠᠯᠬᠢ᠂ ᠰᠢᠷᠦᠭᠦᠨ ᠪᠣᠷᠣᠭᠠᠨ᠂ ᠳᠤᠯᠠᠭᠠᠨ ᠤ | ᠬᠡᠮᠵᠢᠶ᠎ᠡ ᠪᠠᠭᠤᠷᠠᠬᠤ ᠵᠡᠷᠭᠡ ᠣᠨᠴᠠᠭᠠᠶ ᠴᠠᠭ ᠠᠭᠤᠷ ᠲᠣᠬᠢᠶᠠᠯᠳᠤᠪᠠᠯ ᠠᠯᠢ ᠴᠢᠳᠠᠬᠤ ᠪᠠᠷ ᠬᠦᠬᠡᠴᠤ ᠠᠴᠠ ᠴᠢᠩ ᠱᠠᠨ ᠬᠦᠷᠬᠦ ᠱᠤᠭᠤᠮ ᠤᠨ ᠬᠤᠶᠠᠷ ᠬᠠᠵᠠᠭᠤ ᠶᠢᠨ | ᠭᠤᠤ ᠶᠢᠨ ᠳᠣᠲᠣᠷ᠎ᠠ ᠣᠷᠣᠵᠤ ᠪᠣᠯᠬᠤ ᠥᠬᠡᠶ ᠭᠡᠬᠦ ᠮᠡᠲᠦ ᠪᠠᠷ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠴᠠᠭ ᠠᠭᠤᠷ ᠤᠨ ᠤᠷᠢᠳᠴᠢᠯᠠᠭᠰᠠᠨ | ᠮᠡᠳᠡᠭᠡ ᠶᠢ ᠠᠩᠬᠠᠷᠬᠤ ᠶᠢ ᠬᠦᠰᠡᠵᠦ ᠪᠠᠶᠢᠨ᠎ᠠ᠃ ᠬᠡᠷᠪᠡ ᠳᠡᠭᠡᠷᠡᠬᠢ ᠠᠵᠢᠯᠯᠠᠭ᠎ᠠ ᠪᠤᠶᠤ ᠪᠠᠴᠢᠮ ᠪᠠᠶᠢᠳᠠᠯ ᠲᠣᠬᠢᠶᠠᠯᠳᠤᠪᠠᠯ ᠤᠷᠠᠳ ᠤᠨ ᠬᠤᠶᠢᠲᠤ ᠬᠤᠰᠢᠭᠤᠨ ᠤ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠲᠠᠢ ᠬᠠᠷᠢᠯᠴᠠᠭᠠᠷᠠᠶ ︵ᠤᠲᠠᠰᠤ᠄ 0478 — 2621308︶᠃ | ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠣᠨᠴᠠᠭᠠᠶᠢᠯᠠᠨ ᠵᠠᠷᠯᠠᠪᠠ | | | ᠤᠷᠠᠳ ᠤᠨ ᠬᠤᠶᠢᠲᠤ ᠬᠤᠰᠢᠭᠤᠨ ᠤ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 5 ᠰᠠᠷ᠎ᠠ ᠶᠢᠨ 9 | |