ᠪᠦᠬᠦ ᠤᠯᠤᠰ ᠤᠨ ᠡᠳᠦᠷ ᠳᠤᠮᠳᠠᠴᠢ ᠶᠢᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠤᠷᠬᠢᠯ ᠤᠨ ᠬᠤᠭᠤᠴᠠᠭᠠᠨ ᠤ ᠬᠢ ᠠᠴᠠ 80% ᠪᠠᠷ ᠪᠠᠭᠤᠷᠠᠵᠤ᠂ ᠨᠥᠬᠦᠴᠡᠯ ᠲᠠᠢ ᠬᠢᠯᠢ ᠶᠢᠨ ᠪᠣᠭᠤᠮᠲᠠ ᠶᠢᠨ ᠬᠤᠳᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠪᠰᠠᠷ ᠤᠨ ᠣᠷᠣᠨ ᠭᠠᠷᠭᠠᠵᠤ ᠪᠣᠯᠣᠨ᠎ᠠ ᠁ ᠬᠠᠮᠤᠭ ᠤᠨ ᠰᠢᠨ᠎ᠡ ᠪᠠᠶᠢᠳᠠᠯ ᠤᠨ ᠲᠤᠬᠠᠢ ᠮᠡᠳᠡᠭᠡᠯᠡᠯ︕
ᠨᠡᠶᠢᠲᠡᠯᠡᠭᠰᠡᠨ ᠴᠠᠭ᠄
2022/5/11
        ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 5 ᠳ᠋ᠤᠭᠠᠷ ᠰᠠᠷ᠎ᠠ ᠶᠢᠨ 6 ᠤ ᠡᠳᠦᠷ ᠤᠨ ᠦᠳᠡ  ᠶᠢᠨ ᠬᠤᠶᠢᠨᠠᠬᠢ 3 ᠴᠠᠭ ᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠠᠭ ᠮᠦᠴᠡ ᠶᠢ ᠠᠯᠳᠠᠯ ᠦᠭᠡᠢ᠂ ᠰᠢᠨᠵᠢᠯᠡᠬᠦ ᠤᠬᠠᠭᠠᠨᠴᠢ ᠨᠠᠷᠢᠯᠢᠭ ᠣᠨᠤᠴᠠᠲᠠᠢ ᠪᠠᠷ᠂ ᠪᠤᠲᠠᠲᠠᠢ ᠪᠦᠭᠡᠳ ᠨᠠᠷᠢᠯᠢᠭ ᠠᠳᠬᠤᠵᠤ ᠪᠠᠶᠢᠭ᠎ᠠ ᠬᠤᠯᠪᠤᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠬᠠᠮᠲᠤ ᠪᠠᠷ ᠠᠩᠬᠠᠷᠤᠯ ᠳᠠᠭᠠᠨ ᠠᠪᠴᠠᠭᠠᠶ᠎ᠠ︕        21 ᠮᠤᠵᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠦᠬᠦ ᠣᠷᠤᠨ ᠪᠦᠰᠡ ᠪᠠᠷ ᠢᠶᠠᠨ ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠬᠤ ᠪᠣᠯᠪᠠᠴᠤ ᠬᠢᠵᠢᠭ ᠤᠨ ᠪᠠᠶᠢᠳᠠᠯ ᠮᠥᠨ ᠬᠦ ᠳᠠᠬᠢᠨ ᠦᠷᠪᠢᠰᠬᠦ ᠲᠦᠭᠰᠢᠭᠦᠷᠢ ᠣᠷᠣᠰᠢᠵᠤ ᠪᠠᠶᠢᠨ᠎ᠠ        4 ᠳ᠋ᠦ᠋ᠭᠡᠷ ᠰᠠᠷ᠎ᠠ ᠶᠢᠨ ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠦᠷᠭᠦᠯᠵᠢᠯᠡᠨ ᠬᠡᠯᠪᠡᠯᠵᠡᠨ ᠪᠠᠭᠤᠷᠠᠬᠤ ᠬᠠᠨᠳᠤᠰᠢ ᠲᠠᠢ ᠪᠠᠶᠢᠵᠤ᠂ ︽5.1︾ ᠤ ᠠᠮᠠᠷᠠᠯᠲᠠ ᠶᠢᠨ ᠬᠤᠭᠤᠴᠠᠭᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠣᠯᠵᠤ᠂ 4 ᠳ᠋ᠦ᠋ᠭᠡᠷ ᠰᠠᠷ᠎ᠠ ᠶᠢᠨ 30 ᠤ ᠡᠳᠦᠷ ᠠᠴᠠ 5 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠤᠯᠤᠰ ᠤᠨ ᠡᠳᠦᠷ ᠳᠤᠮᠳᠠᠴᠢ ᠶᠢᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠪᠠᠷᠤᠭ 5800 ᠭᠠᠷᠤᠢ ᠵᠢᠱᠢᠶ᠎ᠡ ᠳᠤ ᠬᠦᠷᠴᠦ᠂ ᠣᠷᠭᠢᠯ ᠤᠨ ᠬᠤᠭᠤᠴᠠᠭᠠᠨ ᠤ ᠬᠢ ᠠᠴᠠ 80% ᠪᠠᠷ ᠪᠠᠭᠤᠷᠠᠪᠠ᠃ ᠱᠠᠩᠬᠠᠢ ᠬᠤᠲᠠ ᠶᠢᠨ ᠬᠢᠵᠢᠭ ᠤᠨ ᠪᠠᠶᠢᠳᠠᠯ ᠨᠢ ᠣᠶᠢᠷ᠎ᠠ ᠶᠢᠨ ᠬᠤᠭᠤᠴᠠᠭᠠᠨ ᠳᠤ ᠡᠳᠦᠷ ᠪᠦᠷᠢ ᠶᠢᠨ ᠰᠢᠨ᠎ᠡ ᠪᠠᠷ ᠨᠡᠮᠡᠭᠳᠡᠬᠦ ᠬᠠᠯᠳᠠᠪᠤᠷᠢᠯᠠᠭᠳᠠᠭᠴᠢ ᠶᠢᠨ ᠲᠤᠭ᠎ᠠ ᠦᠷᠭᠦᠯᠵᠢᠯᠡᠨ ᠪᠠᠭᠠᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠦᠷᠭᠦᠯᠵᠢᠯᠡᠨ ᠲᠣᠭᠲᠠᠭᠤᠨ ᠪᠣᠯᠬᠤ ᠬᠠᠨᠳᠤᠰᠢ ᠲᠠᠢ︔ ᠭᠢᠷᠢᠨ ᠮᠤᠵᠢ ᠶᠢᠨ ᠬᠢᠵᠢᠭ ᠤᠨ ᠪᠠᠶᠢᠳᠠᠯ ᠮᠥᠨ ᠬᠦ ᠰᠡᠭᠦᠯ ᠬᠤᠷᠢᠶᠠᠬᠤ ᠱᠠᠲᠤᠨ ᠳᠤ ᠪᠠᠨ ᠪᠠᠶᠢᠵᠤ᠂ ᠲᠤᠰᠠᠭᠠᠷᠯᠠᠬᠤ ᠴᠡᠭ ᠪᠠ ᠪᠢᠲᠡᠭᠦᠮᠵᠢᠯᠡᠨ ᠡᠵᠡᠮᠳᠡᠬᠦ ᠣᠷᠣᠨ ᠠᠴᠠ ᠭᠠᠳᠠᠨᠠᠬᠢ ᠲᠦᠭᠰᠢᠭᠦᠷᠢ ᠶᠢ ᠦᠨᠳᠦᠰᠦᠨ ᠳᠤ ᠪᠠᠨ ᠡᠵᠡᠮᠳᠡᠪᠡ︔ ᠪᠡᠭᠡᠵᠢᠩ ᠬᠤᠲᠠ ᠶᠢᠨ ᠬᠢᠵᠢᠭ ᠤᠨ ᠪᠠᠶᠢᠳᠠᠯ ᠨᠢ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠬᠢᠬᠦ ᠪᠠ ᠨᠢᠭᠲᠠ ᠣᠶᠢᠷᠠᠳᠤᠭᠰᠠᠳ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠷ ᠳᠡᠮᠵᠢᠨ᠂ ᠬᠢᠵᠢᠭ ᠲᠠᠷᠬᠠᠬᠤ ᠲᠦᠭᠰᠢᠭᠦᠷᠢ ᠨᠢᠭᠡᠨᠲᠡ ᠨᠡᠯᠢᠶᠡᠳ ᠪᠠᠭᠤᠷᠠᠭᠰᠠᠨ ᠪᠠᠶᠢᠨ᠎ᠠ︔ ᠵᠢᠶᠠᠩᠰᠢ ᠮᠤᠵᠢ ᠶᠢᠨ ᠨᠠᠨᠴᠠᠩ ᠬᠤᠲᠠ ᠶᠢᠨ ᠬᠢᠵᠢᠭ ᠤᠨ ᠪᠠᠶᠢᠳᠠᠯ ᠢ ᠨᠢᠭᠡᠨᠲᠡ ᠪᠦᠲᠦᠮᠵᠢᠲᠡᠶ ᠡᠵᠡᠮᠳᠡᠭᠰᠡᠨ ᠪᠣᠯᠪᠠᠴᠤ ᠱᠠᠩ ᠷᠣᠣ ᠬᠤᠲᠠ ᠶᠢᠨ ᠬᠢᠵᠢᠭ ᠤᠨ ᠪᠠᠶᠢᠳᠠᠯ ᠨᠢ ᠰᠢᠭᠰᠢᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠯᠢᠶᠣᠤᠨᠢᠩ᠂ ᠵᠧᠵᠢᠶᠠᠩ᠂ ᠾᠧᠨᠠᠨ ᠵᠡᠷᠭᠡ ᠭᠠᠵᠠᠷ ᠲᠤ ᠣᠶᠢᠷ᠎ᠠ ᠶᠢᠨ ᠬᠤᠭᠤᠴᠠᠭᠠᠨ ᠳᠤ ᠬᠠᠯᠳᠠᠪᠤᠷᠢᠯᠠᠯ ᠤᠨ ᠢᠷᠡᠯᠲᠡ ᠨᠢ ᠲᠣᠳᠣᠷᠬᠠᠢ ᠦᠭᠡᠢ ᠬᠢᠵᠢᠭ ᠤᠨ ᠪᠠᠶᠢᠳᠠᠯ ᠰᠢᠨ᠎ᠡ ᠪᠠᠷ ᠡᠭᠦᠰᠴᠦ᠂ ᠨᠢᠭᠤᠭᠳᠠᠮᠠᠯ ᠴᠢᠨᠠᠷᠲᠠᠢ ᠪᠠᠷ ᠲᠠᠷᠬᠠᠨ ᠳᠡᠯᠭᠡᠷᠡᠬᠦ ᠲᠦᠭᠰᠢᠭᠦᠷᠢ ᠣᠷᠤᠰᠢᠵᠤ᠂ ᠤᠭ ᠦᠨᠳᠦᠰᠦ ᠶᠢ ᠨᠢ ᠡᠷᠢᠵᠦ ᠪᠠᠶᠢᠴᠠᠭᠠᠬᠤ ᠪᠠ ᠬᠠᠮᠢᠶᠠᠷᠤᠨ ᠡᠵᠡᠮᠳᠡᠵᠦ ᠰᠡᠷᠭᠡᠶᠢᠯᠡᠬᠦ ᠬᠦᠴᠢᠷᠳᠡᠯ ᠨᠡᠮᠡᠭᠳᠡᠵᠡᠢ᠃        ᠣᠲᠣ ᠪᠣᠯᠲᠠᠯ᠎ᠠ᠂ 21 ᠮᠤᠵᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠥᠬᠦ ᠣᠷᠣᠨ ᠪᠦᠰᠡ ᠪᠠᠷ ᠢᠶᠠᠨ ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠬᠤ ᠪᠣᠯᠪᠠᠴᠤ ᠬᠢᠵᠢᠭ ᠤᠨ ᠪᠠᠶᠢᠳᠠᠯ ᠮᠥᠨ ᠬᠦ ᠳᠠᠬᠢᠨ ᠦᠷᠪᠢᠰᠬᠦ ᠲᠦᠭᠰᠢᠭᠦᠷᠢ ᠣᠷᠣᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃        5 ᠳ᠋ᠤᠭᠠᠷ ᠰᠠᠷ᠎ᠠ ᠶᠢᠨ 5 ᠤ ᠡᠳᠦᠷ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠢᠯᠡᠷᠬᠡᠶᠢᠯᠡᠭᠰᠡᠨ ᠢᠶᠠᠷ᠂ 2020 ᠣᠨ ᠪᠠ 2021 ᠣᠨ ᠳᠤ᠂ ᠪᠥᠬᠦ ᠳᠡᠯᠡᠬᠡᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠶᠡᠭᠡ ᠳᠡᠯᠭᠡᠷᠡᠯᠲᠡ ᠲᠠᠢ ᠰᠢᠭᠤᠳ ᠪᠤᠶᠤ ᠳᠠᠮ ᠤᠨ ᠬᠤᠯᠪᠤᠭ᠎ᠠ ᠪᠠᠷ ᠦᠬᠦᠭᠰᠡᠨ ᠬᠥᠮᠥᠨ ᠤ ᠲᠤᠭ᠎ᠠ ᠪᠠᠷᠤᠭ 1490 ᠲᠦᠮᠡ ᠳᠤ ᠬᠦᠷᠴᠡᠢ᠃ ᠣᠳᠣᠬᠠᠨ ᠳᠤ᠂ ᠪᠥᠬᠦ ᠳᠡᠯᠡᠬᠡᠢ ᠶᠢᠨ ᠬᠢᠵᠢᠭ ᠤᠨ ᠪᠠᠶᠢᠳᠠᠯ ᠮᠥᠨ ᠬᠦ ᠥᠨᠳᠥᠷ ᠪᠠᠶᠢᠷᠢᠨ ᠳᠤ ᠪᠠᠶᠢᠵᠤ᠂ ᠸᠢᠷᠦ᠋ᠰ ᠮᠥᠨ ᠯᠡ ᠲᠠᠰᠤᠷᠠᠯᠲᠠ ᠦᠭᠡᠢ ᠬᠤᠪᠢᠰᠴᠤ ᠪᠠᠶᠢᠨ᠎ᠠ᠃        ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠳᠥᠷᠪᠡᠳᠦᠭᠡᠷ ᠱᠠᠲᠤᠨ ᠳᠤ ᠣᠷᠣᠪᠠ         2020 ᠣᠨ ᠠᠴᠠ ᠨᠠᠭᠠᠰᠢ᠂ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠶᠡᠭᠡ ᠲᠥᠯᠥᠪ᠄ ᠭᠡᠨᠡᠳᠲᠡ ᠶᠢᠨ ᠬᠢᠵᠢᠭ ᠤᠨ ᠪᠠᠶᠢᠳᠠᠯ ᠢ ᠠᠷᠭᠠᠴᠠᠭᠠᠬᠤ ᠪᠦᠰᠡᠯᠡᠨ ᠬᠤᠷᠢᠭᠯᠠᠬᠤ ᠱᠠᠲᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠶᠢᠨ ᠰᠦᠪᠡᠭᠴᠢᠯᠡᠬᠦ ᠱᠠᠲᠤ᠂ ᠪᠥᠬᠦ ᠬᠡᠯᠬᠢᠶ᠎ᠡ ᠪᠠᠷ ᠰᠡᠷᠭᠡᠶᠢᠯᠡᠨ ᠡᠵᠡᠮᠳᠡᠬᠦ ︽ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠱᠠᠲᠤ᠂ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠱᠠᠲᠤ ᠭᠡᠬᠦ ᠳᠦᠷᠪᠡᠨ ᠱᠠᠲᠤ ᠬᠤᠪᠢᠶᠠᠵᠤ ᠪᠣᠯᠤᠨ᠎ᠠ᠃ ᠡᠨᠡ ᠵᠢᠯ ᠤᠨ 3 ᠳ᠋ᠤᠭᠠᠷ ᠰᠠᠷ᠎ᠠ ᠠᠴᠠ ᠨᠠᠭᠠᠰᠢ᠂ ᠮᠠᠨ ᠤ ᠤᠯᠤᠰ ᠣᠲᠣ ᠶᠠᠭ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠱᠠᠲᠤᠨ ᠳᠤ ᠣᠷᠤᠪᠠ᠂ ᠲᠤᠬᠠᠶᠢᠯᠠᠪᠠᠯ ᠳᠥᠷᠪᠡᠳᠦᠭᠡᠷ ᠱᠠᠲᠤ ᠪᠣᠯᠤᠨ᠎ᠠ᠃ ᠲᠣᠰ ᠱᠠᠲᠤᠨ ᠳᠤ ᠲᠦᠷᠭᠡᠨ ᠪᠥᠭᠡᠳ ᠨᠠᠷᠢᠯᠢᠭ ᠣᠨᠣᠴᠠᠲᠠᠢ ᠪᠠᠶᠢᠬᠤ ᠶᠢ ᠴᠢᠬᠤᠯᠠᠴᠢᠯᠠᠬᠤ ᠠᠴᠠ ᠭᠠᠳᠠᠨ᠎ᠠ ᠶᠡᠷᠦᠩᠬᠡᠶᠢᠯᠡᠭᠰᠡᠨ ᠴᠢᠨᠠᠷ ᠢ ᠨᠠᠩ ᠴᠢᠬᠤᠯᠠᠴᠢᠯᠠᠬᠤ ᠬᠡᠷᠡᠭᠲᠡᠢ᠂ ᠥᠭᠡᠷ᠎ᠡ ᠪᠠᠷ ᠬᠡᠯᠡᠪᠡᠯ ᠬᠠᠯᠳᠠᠪᠤᠷᠢᠯᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠪᠠ ᠬᠠᠯᠳᠠᠪᠤᠷᠢᠯᠠᠬᠤ ᠠᠷᠭ᠎ᠠ ᠵᠠᠮ ᠢ ᠲᠦᠷᠭᠡᠨ ᠲᠠᠰᠤᠯᠬᠤ ᠶᠢ ᠪᠠᠭᠲᠠᠭᠠᠭᠰᠠᠨ ᠶᠡᠷᠦᠩᠬᠡᠶᠢᠯᠡᠭᠰᠡᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠦᠭᠦᠳ ᠢ ᠠᠪᠴᠤ᠂ ᠠᠮᠠᠷᠬᠠᠨ ᠬᠠᠯᠳᠠᠪᠤᠷᠢᠯᠠᠬᠤ ᠬᠥᠮᠥᠰ ᠢ ᠬᠠᠮᠠᠭᠠᠯᠠᠬᠤ ᠬᠡᠷᠡᠭᠲᠡᠢ᠃         ᠳᠥᠷᠪᠡᠳᠦᠭᠡᠷ ᠱᠠᠲᠤᠨ ᠳᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠥᠯ ︵ᠲᠤᠷᠰᠢᠨ ᠬᠡᠷᠡᠭᠵᠢᠭᠦᠯᠬᠦ ᠶᠢᠰᠦᠳᠦᠭᠡᠷ ᠬᠡᠪ ︶︾  ᠤᠨ ᠶᠣᠰᠣᠭᠠᠷ ᠴᠠᠭ ᠲᠤᠬᠠᠢ ᠳᠤ ᠨᠢ ᠵᠥᠪ ᠣᠨᠣᠪᠴᠢᠲᠠᠶ ᠪᠠᠷ ᠲᠥᠷᠥᠯ ᠬᠡᠯᠪᠡᠷᠢ ᠬᠤᠪᠢᠶᠠᠬᠤ ᠪᠠ ᠭᠥᠯᠢᠶᠡᠨ ᠠᠪᠴᠤ ᠡᠮᠨᠡᠨ ᠵᠠᠰᠠᠬᠤ ᠬᠠᠮᠢᠶ᠎ᠠ ᠪᠦᠬᠦᠢ ᠠᠵᠢᠯ ᠢ ᠬᠢᠨ᠎ᠡ᠃ ᠵᠢᠱᠢᠶᠡᠯᠡᠪᠡᠯ ᠠᠭᠤᠰᠬᠢᠨ ᠦᠷᠪᠢᠰᠦᠯ ᠤᠨ ᠢᠯᠡᠷᠡᠯ ᠲᠠᠢ᠂ ᠰᠠᠭᠤᠷᠢ ᠡᠪᠡᠳᠴᠢᠨ ᠲᠠᠢ᠂ ᠦᠨᠳᠦᠷ ᠲᠦᠭᠰᠢᠭᠦᠷᠢᠲᠦ ᠬᠦᠴᠦᠨ ᠵᠦᠢᠯ ᠲᠠᠢ᠂ ᠨᠠᠰᠤᠲᠠᠨ ᠨᠢᠯᠬᠠᠰ ᠵᠡᠷᠭᠡ ᠬᠠᠯᠳᠠᠪᠤᠷᠢᠯᠠᠭᠳᠠᠭᠴᠢ ᠢ ᠪᠦᠷ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠭᠥᠯᠢᠶᠡᠨ ᠠᠪᠴᠤ ᠡᠮᠨᠡᠨ ᠵᠠᠰᠠᠨ᠎ᠠ︔ ᠬᠥᠩᠭᠡᠨ ᠡᠪᠡᠳᠴᠢᠨ ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠴᠢᠩᠭᠡᠯᠢᠭᠲᠦ ᠡᠮᠨᠡᠯᠭᠡ ᠶᠢᠨ ᠬᠤᠷᠢᠶᠠᠨ ᠳᠤ ᠡᠮᠨᠡᠨ ᠵᠠᠰᠠᠨ᠎ᠠ︔ ᠢᠯᠡᠷᠢᠰᠢᠵᠦ ᠡᠮᠨᠡᠯᠭᠡ ᠠᠴᠠ ᠭᠠᠷᠬᠤ ᠪᠤᠶᠤ ᠴᠢᠩᠭᠡᠯᠢᠭ ᠠᠴᠠ ᠭᠠᠷᠤᠭᠰᠠᠳ ᠰᠢᠭᠤᠳ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠥᠩᠭᠡᠨ ᠡᠪᠡᠳᠴᠢᠨ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠡᠳᠦᠷ ᠲᠤᠲᠤᠮ ᠤᠨ ᠡᠮᠴᠢᠯᠡᠭᠡᠨ ᠤ ᠡᠬᠢ ᠪᠠᠶᠠᠯᠢᠭ ᠢ ᠰᠢᠬᠠᠨ ᠡᠵᠡᠯᠡᠬᠦ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃         ︽ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠪᠠᠷ ᠬᠦᠭᠡᠭᠡᠴᠡᠯᠳᠦᠬᠦ ᠬᠠᠷᠠᠯᠲᠠ ᠶᠢᠨ ᠨᠢᠭᠡ ᠨᠢ ᠳᠠᠷᠤᠢ ᠠᠯᠢ ᠴᠢᠳᠠᠬᠤ ᠪᠠᠷ ᠪᠥᠬᠦ ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠵᠠᠶᠢᠯᠠᠰᠬᠢᠨ᠎ᠡ         ︽ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠨᠢ ᠪᠥᠬᠦ ᠣᠷᠤᠨ ᠪᠦᠰᠡ ᠳᠤ ᠲᠣᠭᠲᠠᠮᠠᠯ ᠬᠠᠮᠢᠶᠠᠷᠤᠯᠲᠠ ᠶᠠᠪᠤᠭᠤᠯᠬᠤ ᠭᠡᠰᠡᠨ ᠦᠭᠡ ᠪᠢᠰᠢ ᠶᠤᠮ᠃ ᠡᠭᠦᠨ ᠲᠠᠢ ᠶᠠᠭ ᠡᠰᠡᠷᠭᠦ ᠪᠠᠷ᠂ ︽ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠬᠦᠭᠡᠭᠡᠴᠡᠯᠳᠦᠬᠦ ᠬᠠᠷᠠᠯᠲᠠ ᠶᠢᠨ ᠨᠢᠭᠡ ᠨᠢ ᠳᠠᠷᠤᠢ ᠪᠦᠬᠦ ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠠᠯᠢ ᠴᠢᠳᠠᠬᠤ ᠪᠠᠷ ᠵᠠᠶᠢᠯᠠᠰᠬᠢᠬᠦ ᠶᠠᠪᠤᠳᠠᠯ ᠪᠣᠯᠣᠨ᠎ᠠ᠃ ᠣᠳᠣᠬᠠᠨ ᠳᠤ᠂ ᠣᠮᠢᠺᠷᠤᠨ ᠣᠨᠳᠣᠣᠰᠢᠭᠰᠠᠨ ᠸᠢᠷᠦ᠋ᠰ ᠤᠨ ᠣᠨᠴᠠᠯᠢᠭ ᠲᠤ ᠴᠢᠭᠯᠡᠭᠦᠯᠦᠨ᠂ ᠨᠢᠭᠡ ᠲᠠᠯ᠎ᠠ ᠪᠠᠷ ᠲᠦᠷᠭᠡᠨ ᠪᠥᠭᠡᠳ ᠡᠷᠡᠰ ᠰᠢᠭᠤᠷᠬᠠᠢ᠂ ᠲᠦᠢᠯᠪᠤᠷᠢᠲᠠᠢ ᠪᠠᠷ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ︔ ᠨᠦᠭᠦᠭᠡ ᠲᠠᠯ᠎ᠠ ᠪᠠᠷ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠠᠵᠤ ᠠᠬᠤᠢ ᠶᠢᠨ ᠬᠥᠭᠵᠢᠯᠲᠡ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠬᠤᠭᠤᠷᠣᠨᠳᠣᠬᠢ ᠬᠠᠷᠢᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠲᠡᠩᠴᠡᠭᠦᠷᠢᠰᠢᠭᠦᠯᠵᠦ᠂ ᠱᠠᠲᠤ ᠱᠠᠲᠤ ᠪᠠᠷ ᠡᠭᠦᠷᠭᠡ ᠨᠡᠮᠡᠬᠦ ᠪᠠ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠦᠯᠦ ᠦᠢᠯᠡᠳᠭᠦᠢ ᠪᠠ ᠲᠤᠰᠬᠠᠯ ᠤᠳᠠᠭᠠᠨ ᠪᠠᠶᠢᠬᠤ ᠶᠢ ᠰᠡᠷᠭᠡᠶᠢᠯᠡᠬᠦ ᠮᠥᠷᠲᠡᠭᠡᠨ ᠪᠠᠰᠠ ᠳᠤᠷ᠎ᠠ ᠪᠠᠷ ᠢᠶᠠᠨ ᠦᠢᠯᠡᠳᠬᠦᠢ ᠪᠠ ᠱᠠᠲᠤ ᠱᠠᠲᠤ ᠪᠠᠷ ᠡᠭᠦᠷᠭᠡ ᠨᠡᠮᠡᠬᠦ ᠶᠢ ᠰᠡᠷᠭᠡᠶᠢᠯᠡᠬᠦ ᠬᠡᠷᠡᠭᠲᠡᠢ᠃         ᠵᠠᠷᠴᠢᠮ ᠤᠨ ᠲᠠᠯ᠎ᠠ ᠠᠴᠠ ᠠᠪᠴᠤ ᠬᠡᠯᠡᠪᠡᠯ᠂ ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ᠂ ᠬᠠᠯᠳᠠᠪᠤᠷᠢᠯᠠᠬᠤ ᠬᠡᠯᠬᠢᠶ᠎ᠡ ᠨᠢ ᠲᠣᠳᠣᠷᠬᠠᠢ᠂ ᠠᠶᠤᠯ ᠲᠦᠭᠰᠢᠭᠦᠷᠢ ᠶᠢ ᠡᠵᠡᠮᠳᠡᠵᠦ ᠪᠣᠯᠬᠤ ᠪᠠᠶᠢᠳᠠᠯ ᠳᠣᠣᠷ᠎ᠠ᠂ ᠪᠥᠬᠦ ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠶᠢ ᠬᠡᠷᠡᠭᠵᠢᠭᠦᠯᠬᠦ ᠴᠢᠬᠤᠯᠠ ᠦᠭᠡᠢ ᠶᠤᠮ᠃ ᠭᠡᠪᠡᠴᠦ ᠨᠡᠶᠢᠭᠡᠮ ᠲᠣᠭᠤᠷᠢᠭ ᠲᠤ ᠦᠷᠭᠡᠨ ᠢᠶᠠᠷ ᠲᠠᠷᠬᠠᠨ ᠳᠡᠯᠭᠡᠷᠡᠭᠰᠡᠨ ᠦᠶ᠎ᠡ ᠳᠤ᠂ ᠬᠠᠯᠳᠠᠪᠤᠷᠢᠯᠠᠬᠤ ᠬᠡᠯᠬᠢᠶ᠎ᠡ ᠨᠢ ᠲᠣᠳᠣᠷᠬᠠᠢ ᠦᠭᠡᠢ᠂ ᠲᠤᠬᠠᠶᠢᠯᠠᠪᠠᠯ᠂ ᠬᠠᠯᠳᠠᠪᠤᠷᠢᠯᠠᠯ ᠤᠨ ᠡᠬᠢ ᠢᠷᠡᠯᠲᠡ ᠪᠠ ᠬᠠᠯᠳᠠᠪᠤᠷᠢᠯᠠᠭᠳᠠᠭᠴᠢ ᠶᠢᠨ ᠬᠤᠭᠤᠷᠣᠨᠳᠤ᠂ ᠨᠢᠭᠲᠠ ᠣᠶᠢᠷᠠᠲᠤᠭᠰᠠᠳ ᠤᠨ ᠬᠤᠭᠤᠷᠣᠨᠳᠣᠬᠢ ᠬᠠᠷᠢᠴᠠᠭ᠎ᠠ ᠨᠢ ᠲᠣᠳᠣᠷᠬᠠᠢ ᠦᠭᠡᠢ᠂ ᠶᠡᠭᠡ ᠪᠠᠷ ᠲᠠᠷᠬᠠᠨ ᠳᠡᠯᠭᠡᠷᠡᠬᠦ ᠪᠠ ᠬᠡᠪᠴᠢᠶᠡᠵᠢᠯ ᠤᠨ ᠴᠢᠨᠠᠷᠲᠠᠢ ᠳᠠᠬᠢᠨ ᠦᠷᠪᠢᠰᠬᠦ ᠠᠶᠤᠯ ᠲᠦᠭᠰᠢᠭᠦᠷᠢ ᠨᠡᠯᠢᠶᠡᠳ ᠶᠡᠭᠡ ᠪᠣᠯᠤᠭᠰᠠᠨ ᠪᠠᠶᠢᠳᠠᠯ ᠳᠣᠣᠷ᠎ᠠ᠂ ᠬᠢᠵᠢᠭ ᠤᠨ ᠪᠠᠶᠢᠳᠠᠯ ᠤᠨ ᠣᠨᠴᠠᠯᠢᠭ᠂ ᠣᠷᠣᠰᠢᠵᠤ ᠪᠠᠶᠢᠭ᠎ᠠ ᠱᠠᠲᠤ ᠦᠶ᠎ᠡ᠂ ᠰᠡᠷᠭᠡᠶᠢᠯᠡᠨ ᠡᠵᠡᠮᠳᠡᠬᠦ ᠴᠢᠳᠠᠪᠤᠷᠢ᠂ ᠨᠡᠶᠢᠭᠡᠮ ᠠᠵᠤ ᠠᠬᠤᠢ ᠶᠢᠨ ᠬᠢᠷᠢ ᠲᠦᠪᠰᠢᠨ᠂ ᠬᠥᠮᠥᠨ ᠠᠮᠠ ᠶᠢᠨ ᠣᠨᠴᠠᠯᠢᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠤᠯᠬᠢᠯᠠᠭᠰᠠᠨ ᠪᠠᠶᠢᠳᠠᠯ ᠳᠣᠣᠷ᠎ᠠ ᠰᠠᠶ᠋ᠢ ᠲᠣᠭᠲᠠᠮᠠᠯ ᠬᠠᠮᠢᠶᠠᠷᠤᠯᠲᠠ ᠵᠢᠴᠢ ᠲᠣᠭᠲᠠᠮᠠᠯ ᠬᠠᠮᠢᠶᠠᠷᠤᠯᠲᠠ ᠶᠠᠪᠤᠭᠤᠯᠬᠤ ᠪᠣᠳᠠᠲᠠᠢ ᠣᠷᠣᠨ ᠪᠦᠰᠡ ᠶᠢᠨ ᠶᠡᠭᠡ ᠪᠠᠭ᠎ᠠ᠂ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ ᠪᠠ ᠬᠠᠮᠢᠶᠠᠷᠤᠯᠲᠠ ᠶᠢᠨ ᠡᠷᠴᠢᠮ ᠵᠡᠷᠭᠡ ᠨᠡᠩ ᠴᠢᠩᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠡᠰᠡᠬᠦ ᠶᠢ ᠲᠣᠭᠲᠠᠭᠠᠬᠤ ᠬᠡᠷᠡᠭᠲᠡᠢ᠃ ᠡᠭᠦᠨ ᠠᠴᠠ ᠦᠵᠡᠬᠦ ᠳᠤ᠂ ︽ᠳᠦᠷᠪᠡ ᠶᠢ ᠡᠷᠲᠡ ᠭᠦᠢᠴᠡᠳᠬᠡᠬᠦ︾ ᠶᠢ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠪᠠᠯ᠂ ᠳᠠᠷᠤᠢ ᠪᠥᠬᠦ ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠪᠦᠲᠦᠮᠵᠢᠲᠡᠶ ᠵᠠᠶᠢᠯᠠᠰᠬᠢᠵᠦ ᠴᠢᠳᠠᠨ᠎ᠠ᠃         ᠬᠢᠯᠢ ᠶᠢᠨ ᠪᠣᠭᠤᠮᠲᠠ ᠶᠢᠨ ᠬᠤᠲᠠ ᠨᠢ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠪᠠᠶᠢᠭᠤᠯᠵᠤ᠂ ᠨᠥᠬᠦᠴᠡᠯ ᠲᠠᠢ ᠬᠢᠯᠢ ᠶᠢᠨ ᠪᠣᠭᠤᠮᠲᠠ ᠶᠢᠨ ᠬᠤᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠪᠰᠠᠷ ᠤᠨ ᠣᠷᠣᠨ ᠭᠠᠷᠭᠠᠵᠤ ᠪᠣᠯᠣᠨ᠎ᠠ ᠣᠳᠣᠬᠠᠨ ᠳᠤ ᠬᠢᠯᠢ ᠶᠢᠨ ᠪᠣᠭᠤᠮᠲᠠ ᠶᠢᠨ ᠬᠤᠲᠠ ᠨᠢ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠪᠠᠶᠢᠭᠤᠯᠵᠤ᠂ ᠲᠤᠬᠠᠢ ᠶᠢᠨ ᠭᠠᠵᠠᠷ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠳᠣᠣᠷ᠎ᠠ᠂ ᠡᠯ᠎ᠡ ᠰᠠᠯᠠᠭ᠎ᠠ ᠮᠥᠴᠢᠷ ᠤᠨ ᠬᠢᠨ ᠲᠠᠢ ᠬᠠᠮᠵᠢᠯᠴᠠᠭ᠎ᠠ ᠪᠠᠨ ᠴᠢᠩᠭᠠᠳᠬᠠᠨ᠂ ᠬᠠᠷᠢᠶ᠎ᠠ ᠭᠠᠵᠠᠷ᠂ ᠠᠵᠢᠯ ᠲᠥᠷᠥᠯ᠂ ᠰᠠᠯᠠᠭ᠎ᠠ ᠮᠥᠴᠢᠷ᠂ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠭᠤᠭᠴᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠠᠷᠢᠭᠤᠴᠠᠯᠭᠠᠲᠠᠨ ᠢ ᠲᠣᠳᠤᠷᠬᠠᠶᠢᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠃ ᠥᠭᠡᠷ᠎ᠡ ᠪᠠᠷ ᠬᠡᠯᠡᠪᠡᠯ᠂ ᠬᠢᠯᠢ ᠶᠢᠨ ᠪᠣᠭᠤᠮᠲᠠ ᠶᠢᠨ ᠬᠤᠲᠠ ᠶᠢᠨ ᠪᠦᠬᠦᠯᠢ ᠴᠣᠭᠴᠠ ᠪᠠᠷ  ᠨᠢ ᠬᠠᠮᠢᠶᠠᠷᠤᠨ ᠡᠵᠡᠮᠳᠡᠬᠦ ᠣᠷᠣᠨ ᠪᠣᠯᠭᠠᠵᠤ ᠴᠢᠩᠭ᠎ᠠ ᠬᠠᠮᠢᠶᠠᠷᠤᠨ ᠡᠵᠡᠮᠳᠡᠬᠦ ᠣᠳᠣᠬᠢ ᠪᠠᠶᠢᠳᠠᠯ ᠢ ᠬᠤᠪᠢᠷᠠᠭᠤᠯᠵᠤ᠂ ᠨᠥᠬᠦᠴᠡᠯ ᠲᠠᠢ ᠬᠢᠯᠢ ᠶᠢᠨ ᠪᠣᠭᠤᠮᠲᠠ ᠶᠢᠨ ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠪᠰᠠᠷ ᠤᠨ ᠣᠷᠣᠨ ᠭᠠᠷᠭᠠᠵᠤ᠂ ᠣᠷᠣᠨ ᠬᠤᠪᠢᠶᠠᠨ ᠵᠦᠷᠢᠶᠡᠴᠢᠯᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠣᠯᠣᠨ᠎ᠠ᠃ ᠵᠠᠪᠰᠠᠷ ᠤᠨ ᠣᠷᠣᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠯᠢᠶᠡᠳ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠵᠠᠪᠰᠠᠷ ᠤᠨ ᠣᠷᠣᠨ ᠠᠴᠠ ᠭᠠᠳᠠᠨᠠᠬᠢ ᠭᠠᠵᠠᠷ ᠣᠷᠣᠨ ᠳᠤ ᠪᠠᠶᠢᠩᠭᠤᠵᠢᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃         ᠲᠦᠷᠭᠡᠨ ᠢᠯᠡᠭᠡᠯᠲᠡ᠂ ᠪᠣᠭᠤᠳᠠᠯ ᠪᠠᠭᠯᠠᠭ᠎ᠠ ᠪᠣᠯᠣᠨ ᠰᠤᠷᠭᠠᠭᠤᠯᠢ ᠶᠢᠨ ᠬᠦᠷᠢᠶᠡᠨ ᠳᠤ ᠣᠷᠣᠬᠤ ᠪᠤᠰᠤᠳ ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪ ᠤᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ         ᠰᠤᠷᠭᠠᠭᠤᠯᠢ ᠶᠢᠨ ᠬᠦᠷᠢᠶᠡᠨ ᠳᠤ ᠲᠦᠷᠭᠡᠨ ᠢᠯᠡᠭᠡᠯᠲᠡ ᠪᠠ ᠬᠥᠮᠥᠰ ᠤᠨ ᠶᠠᠪᠤᠯᠴᠠᠭ᠎ᠠ ᠶᠢ ᠪᠠᠭᠲᠠᠭᠠᠭᠰᠠᠨ ᠰᠤᠷᠭᠠᠭᠤᠯᠢ ᠶᠢᠨ ᠭᠠᠳᠠᠨᠠᠬᠢ ᠬᠥᠮᠥᠰ ᠲᠠᠢ ᠶᠠᠩᠵᠤ ᠪᠦᠷᠢ ᠶᠢᠨ ᠬᠠᠷᠢᠯᠴᠠᠭ᠎ᠠ ᠶᠠᠪᠤᠭᠳᠠᠬᠤ ᠨᠢ ᠯᠠᠪᠲᠠᠢ ᠶᠤᠮ᠃ ᠲᠦᠷᠭᠡᠨ ᠢᠯᠡᠭᠡᠯᠲᠡ᠂ ᠪᠣᠭᠤᠳᠠᠯ ᠪᠠᠭᠯᠠᠭ᠎ᠠ ᠪᠣᠯᠣᠨ ᠰᠤᠷᠭᠠᠭᠤᠯᠢ ᠶᠢᠨ ᠬᠦᠷᠢᠶᠡᠨ ᠳᠤ ᠣᠷᠣᠬᠤ ᠪᠤᠰᠤᠳ ᠡᠳ᠋ ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪ ᠤᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠳᠤ ᠣᠷᠣᠬᠤ ᠡᠳ᠋ ᠪᠣᠳᠠᠰ ᠠᠴᠠ ᠭᠠᠳᠠᠨ᠎ᠠ᠂ ᠰᠤᠷᠭᠠᠭᠤᠯᠢ ᠶᠢᠨ ᠬᠦᠷᠢᠶᠡᠨ ᠳᠣᠲᠣᠷᠠᠬᠢ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠠ ᠤᠯᠠᠨ ᠨᠡᠶᠢᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠤ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ