ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠡᠷᠡᠡᠭᠡᠷᠡᠯ ᠮᠠᠨ ᠤ ᠬᠤᠰᠢᠭᠤᠨ ᠳᠤ ᠢᠷᠡᠵᠦ ᠠᠶᠤᠯᠭᠦᠶ  ᠤᠶᠢᠯᠡᠳᠪᠤᠷᠢᠯᠡᠯ ᠢ ᠬᠢᠨᠠᠨ  ᠵᠢᠯᠤᠭᠤᠳᠪᠠ
ᠨᠡᠶᠢᠲᠡᠯᠡᠭᠰᠡᠨ ᠴᠠᠭ᠄
2022/5/12
           ᠦᠢᠷ᠎ᠠ ᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠡᠷᠡᠡᠭᠡᠷᠡᠯ ᠮᠠᠨ ᠤ ᠬᠤᠰᠢᠭᠤᠨ ᠳᠤ ᠢᠷᠡᠵᠦ ᠠᠶᠤᠯᠭᠦᠶ  ᠤᠶᠢᠯᠡᠳᠪᠤᠷᠢᠯᠡᠯ ᠢ ᠬᠢᠨᠠᠨ ᠵᠢᠯᠣᠭᠤᠳᠬᠤ ᠠᠵᠢᠯ ᠤᠨ ᠬᠤᠷᠠᠯ ᠬᠤᠷᠠᠯᠳᠤᠵᠤ᠂ ᠬᠤᠷᠠᠯ ᠤᠨ ᠳᠠᠷᠠᠭ᠎ᠠ ᠪᠠᠶᠢᠴᠠᠭᠠᠨ ᠰᠤᠳᠤᠯᠤᠯᠲᠠ ᠬᠢᠪᠠ᠃          ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠠᠯᠲᠠᠨᠪᠤᠯᠠᠭ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ  ᠤᠯᠠᠭᠠᠨ ᠳᠡᠮᠡᠭᠡᠨ ᠤ  ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠪᠠᠶᠠᠨᠨᠠᠭᠤᠷ ᠤᠨ ᠲᠡᠭᠡᠭᠡᠪᠦᠷᠢ ᠶᠢᠨ ᠬᠤᠪᠢ ᠡᠵᠡᠮᠳᠡᠭᠰᠡᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠤᠷᠠᠳ ᠤᠨ ᠬᠤᠶᠢᠲᠤ ᠬᠤᠰᠢᠭᠤᠨ ᠤ ᠠᠶᠠᠨᠴᠢᠳ ᠤᠨ ᠲᠡᠭᠡᠭᠡᠪᠦᠷᠢ ᠶᠢᠨ ᠲᠥᠪ᠂ ᠤᠷᠠᠳ ᠤᠨ ᠬᠤᠶᠢᠲᠤ ᠬᠤᠰᠢᠭᠤᠨ ᠤ ᠰᠢᠶᠠᠩ ᠱᠦᠨ ᠳ᠋ᠡ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ ᠢᠷᠡᠪᠡ᠃ ᠮᠠᠨ ᠤ ᠬᠤᠰᠢᠭᠤᠨ ᠤ ᠵᠠᠮ ᠲᠡᠭᠡᠭᠡᠪᠦᠷᠢ ᠶᠢᠨ ᠠᠵᠤ ᠠᠬᠤᠶᠢᠯᠠᠯ᠂ ᠵᠠᠰᠠᠮᠠᠯ ᠵᠠᠮ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯᠭᠦᠶ  ᠤᠶᠢᠯᠡᠳᠪᠤᠷᠢᠯᠡᠯ ᠳᠤ ᠪᠠᠶᠢᠴᠠᠭᠠᠨ ᠰᠤᠳᠤᠯᠤᠯᠲᠠ ᠬᠢᠵᠡᠢ᠃          ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠤ ᠵᠠᠮ ᠲᠡᠭᠡᠭᠡᠪᠦᠷᠢ ᠶᠢᠨ ᠲᠤᠰᠬᠠᠶ ᠴᠡᠭᠴᠡᠯᠡᠨ ᠵᠠᠰᠠᠯᠲᠠ ᠵᠢᠴᠢ ᠠᠶᠤᠯᠭᠦᠶ  ᠤᠶᠢᠯᠡᠳᠪᠤᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠶᠤᠯᠭᠦᠶ  ᠤᠶᠢᠯᠡᠳᠪᠤᠷᠢᠯᠡᠯ ᠤᠨ ᠨᠥᠬᠦᠴᠡᠯ ᠤᠨ ᠪᠠᠲᠤᠯᠠᠭ᠎ᠠ ᠶᠢᠨ ᠪᠠᠶᠢᠳᠠᠯ᠂ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠭᠰᠠᠨ ᠪᠠᠶᠢᠳᠠᠯ᠂ ᠠᠮᠤᠷ ᠲᠦᠪᠰᠢᠨ ᠤ ᠬᠥᠮᠦᠵᠢᠯ ᠪᠠ ᠪᠣᠯᠪᠠᠰᠤᠷᠠᠭᠤᠯᠤᠯ  ᠵᠡᠷᠭᠡ ᠪᠠᠶᠢᠳᠠᠯ ᠢ ᠭᠤᠤᠯᠳᠠᠯᠭ᠎ᠠ ᠲᠠᠢ ᠬᠢᠨᠠᠨ ᠵᠢᠯᠣᠭᠤᠳᠴᠤ  ᠪᠠᠶᠢᠴᠠᠭᠠᠵᠡᠢ᠃         ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠠᠶᠤᠯ ᠦᠭᠡᠶ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ  ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠨᠠᠮ ᠤᠨ  ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠴᠢᠬᠤᠯᠠ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠵᠠᠮ ᠲᠡᠭᠡᠭᠡᠪᠦᠷᠢ᠂ ᠠᠶᠤᠯᠲᠠᠢ ᠬᠢᠮᠢ ᠶᠢᠨ ᠪᠣᠳᠠᠰ ᠵᠡᠷᠭᠡ ᠶᠢ ᠲᠤᠰᠬᠠᠢ ᠴᠡᠭᠴᠡᠯᠡᠯᠲᠡ ᠶᠢ ᠰᠠᠶᠢᠲᠤᠷ ᠬᠢᠵᠦ᠂ ᠲᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠢᠨ ᠬᠦᠷᠢᠶᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠲᠦᠪᠰᠢᠨ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠦᠨᠡᠨᠬᠦ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠠᠵᠢᠯ ᠤᠨ ᠦᠷ᠎ᠡ ᠪᠦᠲᠦᠮᠵᠢ ᠢᠯᠡᠳᠲᠡ ᠪᠠᠶᠢᠬᠤ ᠶᠢ ᠪᠠᠲᠤᠯᠠᠵᠤ᠂ ᠮᠠᠨ ᠤ ᠬᠤᠰᠢᠭᠤᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃                                                                                      ᠤᠯᠠᠭᠠᠨ    ᠠᠯᠳ᠋ᠬᠠᠭᠤᠯᠨ    ᠪᠤᠤ ᠤᠯᠠᠭᠠᠨ                           
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ