ᠤᠷᠠᠳ ᠤᠨ ᠬᠤᠶᠢᠳᠤ ᠬᠤᠰᠢᠭᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠲᠠᠭᠤᠯᠤᠨ ᠪᠠᠶᠢᠴᠠᠭᠠᠯᠲᠠ ᠶᠢᠨ ᠲᠤᠰᠢᠶᠠᠨ ᠰᠡᠢᠳᠪᠤᠷᠢᠯᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ  ᠪᠠᠨ ᠴᠢᠩᠭ᠎ᠠ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2022/5/12
               ᠤᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠬᠤᠰᠢᠭᠤᠨ ᠤ ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ ᠰᠤᠷᠤᠯᠴᠠᠬᠤ ︵ᠥᠷᠭᠡᠳᠬᠡᠭᠰᠡᠨ︶ ᠬᠤᠷᠠᠯ ᠵᠢᠴᠢ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠯᠠᠪᠲᠠᠭᠤᠯᠤᠨ ᠪᠠᠶᠢᠴᠠᠭᠠᠯᠲᠠ ᠶᠢᠨ ᠨᠡᠶᠢᠲᠡᠯᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠪᠠᠷ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠠᠬᠢᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠲᠠᠭᠤᠯᠤᠨ ᠪᠠᠶᠢᠴᠠᠭᠠᠯᠲᠠ ᠶᠢᠨ ᠲᠤᠰᠢᠶᠠᠨ ᠰᠡᠢᠳᠪᠤᠷᠢᠯᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠪᠠ᠃           ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ  ᠡᠷᠬᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠤᠤ ᠶᠦᠨ᠂  ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠱᠦᠵᠢ  ᠮᠧᠩ ᠵᠢᠶᠦ᠋ᠨ ᠵᠡᠷᠭᠡ ᠳᠥᠷᠪᠡᠨ ᠶᠡᠭᠡ ᠤᠲᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃          ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠡᠰᠡᠭ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ᠂ ᠳᠤᠷ᠎ᠠ ᠪᠠᠷ ᠢᠶᠠᠨ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠢ ᠴᠡᠭᠴᠡᠯᠡᠨ ᠵᠠᠰᠠᠬᠤ ᠠᠵᠢᠯ ᠵᠡᠷᠭᠡ ᠬᠠᠮᠢᠶ᠎ᠠ ᠪᠦᠬᠦᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠪᠣᠯᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠤᠨ ᠠᠬᠢᠴᠠ ᠵᠢᠴᠢ ᠳᠠᠷᠠᠭᠠᠴᠢ ᠶᠢᠨ ᠠᠯᠬᠤᠮ ᠤᠨ ᠲᠤᠬᠢᠷᠠᠭᠤᠯᠤᠯᠳᠠ ᠶᠢ ᠨᠠᠷᠢᠨ ᠣᠶᠢᠯᠠᠭᠠᠬᠤ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ᠂ ᠠᠮᠢ ᠠᠬᠤᠢ ᠶᠢ ᠰᠡᠷᠭᠦᠭᠡᠨ ᠵᠠᠰᠠᠬᠤ ᠬᠠᠮᠢᠶᠠᠷᠤᠯᠲᠠ ᠶᠢᠨ ᠲᠦᠷᠢᠮ᠂ ᠠᠷᠭ᠎ᠠ ᠭᠡᠮᠵᠢᠶ᠎ᠠ ᠵᠢᠴᠢ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠪᠠᠶᠢᠭᠤᠯᠤᠯᠲᠠ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃          ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠤᠨ ︽ᠥᠪᠥᠷ ᠮᠣᠩᠭᠤᠯ ᠤᠨ ᠪᠠᠶᠠᠨᠨᠠᠭᠤᠷ ᠤᠨ ᠤᠷᠠᠳ ᠤᠨ ᠡᠮᠦᠨᠡᠲᠦ ᠬᠤᠰᠢᠭᠤᠨ ᠤ ᠲᠡᠮᠦᠷ ᠤᠨ ᠠᠭᠤᠷᠬᠠᠶ ᠵᠡᠷᠭᠡ ᠶᠢ ᠨᠡᠭᠡᠭᠡᠨ ᠮᠠᠯᠲᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠨᠢ ᠠᠮᠢ ᠠᠬᠤᠶ ᠶᠢᠨ ᠡᠪᠳᠡᠭᠳᠡᠯ ᠢᠶᠠᠷ ᠬᠦᠨᠳᠦ ᠨᠣᠴᠢᠲᠠᠶ︾ ᠭᠡᠬᠦ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃          ᠸᠠᠩ ᠶᠢᠨ ᠪᠦᠦ ᠴᠢᠬᠤᠯᠠᠴᠢᠯᠠᠭᠰᠠᠨ ᠨᠢ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠱᠠᠯᠠᠪᠲᠠᠭᠤᠯᠤᠨ ᠪᠠᠶᠢᠴᠠᠭᠠᠯᠲᠠ ᠶᠢ ᠥᠷᠨᠢᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠳᠥᠯᠭᠢᠨ ᠠᠬᠢᠭᠤᠯᠵᠤ᠂ ᠪᠡᠶ᠎ᠡ ᠪᠠᠷ ᠢᠶᠠᠨ  ᠱᠠᠯᠠᠪᠲᠠᠭᠤᠯᠤᠨ ᠨᠠᠶᠢᠳᠠᠪᠤᠷᠢᠵᠢᠭᠤᠯᠤᠭᠰᠠᠨ ᠴᠢᠬᠤᠯᠠ ᠶᠡᠭᠡ  ᠰᠡᠢᠳᠪᠤᠷᠢᠲᠤ ᠪᠣᠳᠣᠯᠭ᠎ᠠ ᠮᠥᠨ᠃ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠡᠷᠬᠡᠪᠰᠢ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠬᠢᠨᠠᠨ ᠦᠵᠡᠵᠦ᠂ ᠠᠰᠠᠭᠤᠳᠠᠯ ᠢ ᠨᠢᠭᠤᠵᠤ ᠳᠠᠯᠳᠠᠯᠠᠬᠤ ᠥᠬᠡᠶ᠂ ᠬᠠᠷᠢᠭᠤᠴᠠᠯᠭ᠎ᠠ ᠪᠠᠨ ᠲᠦᠯᠬᠢᠬᠦ ᠥᠬᠡᠶ ᠪᠠᠶᠢᠵᠤ᠂ ᠬᠡᠳᠦᠶ ᠬᠦᠴᠦ ᠣᠷᠣᠭᠤᠯᠤᠭᠰᠠᠨ ᠴᠤ ᠠᠭᠤᠷᠬᠠᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠴᠡᠭᠴᠡᠯᠡᠯᠲᠡ ᠶᠢ ᠡᠷᠡᠰ ᠪᠡᠶᠡᠯᠡᠭᠦᠯᠬᠦ ᠬᠡᠷᠡᠭᠲᠡᠶ᠃ ᠤᠯᠤᠰ ᠲᠦᠷᠦ ᠶᠢᠨ ᠳᠠᠩᠰᠠ᠂ ᠠᠮᠢ ᠠᠬᠤᠢ ᠶᠢᠨ ᠳᠠᠩᠰᠠ᠂ ᠠᠵᠤ ᠠᠬᠤᠢ ᠶᠢᠨ ᠳᠠᠩᠰᠠ᠂ ᠠᠯᠤᠰ ᠬᠡᠳᠦ ᠶᠢᠨ ᠳᠠᠩᠰᠠ ᠶᠢ ᠰᠠᠶᠢᠲᠤᠷ ᠪᠤᠳᠤᠵᠤ᠂ ᠳᠤᠰ ᠳᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠡᠢ᠃         ᠸᠠᠩ ᠶᠢᠨ ᠪᠦᠦ ᠴᠢᠬᠤᠯᠠᠴᠢᠯᠠᠭᠰᠠᠨ ᠨᠢ᠂ ᠡᠷᠬᠡᠪᠰᠢ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠲᠤᠰᠬᠠᠶ ᠠᠵᠢᠯᠯᠠᠭ᠎ᠠ ᠶᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠲᠦᠷᠦᠭᠦᠯᠡᠨ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠡᠯ᠎ᠡ ᠱᠠᠲᠤᠨ ᠤ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠬᠡᠷᠡᠭ ᠢᠶᠠᠷ ᠲᠣᠯᠢ ᠪᠣᠯᠭᠠᠵᠤ ᠭᠦᠨᠵᠡᠭᠡᠶ ᠲᠤᠩᠭᠠᠨ ᠪᠣᠳᠣᠯᠬᠢᠯᠠᠵᠤ᠂ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠤᠨ ᠰᠢᠨᠵᠢᠯᠡᠵᠦ᠂ ᠠᠯᠤᠰ ᠬᠡᠲᠦ ᠶᠢ ᠪᠣᠳᠣᠯᠬᠢᠯᠠᠨ ᠴᠡᠭᠴᠡᠯᠡᠨ ᠰᠠᠶᠢᠵᠢᠷᠠᠭᠤᠯᠬᠤ ᠵᠣᠷᠢᠭ ᠢᠶᠠᠨ ᠪᠠᠲᠤᠳᠬᠠᠵᠤ᠂ ᠰᠢᠨ᠎ᠡ ᠵᠠᠮ ᠢᠶᠠᠷ ᠵᠠᠮᠨᠠᠬᠤ ᠢᠲᠡᠭᠡᠯ ᠢᠶᠠᠨ ᠪᠠᠲᠤᠳᠬᠠᠬᠤ ᠬᠡᠷᠡᠭᠲᠡᠶ᠃ ᠤᠨᠤᠯ ᠤᠨ ᠶᠡᠭᠡ ᠰᠤᠷᠤᠯᠴᠠᠯᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠣᠭᠰᠣᠴᠠ ᠶᠢᠨ ᠰᠤᠷᠤᠯᠴᠠᠯᠭ᠎ᠠ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠰᠤᠷᠤᠯᠴᠠᠯᠭ᠎ᠠ᠂ ᠪᠣᠳᠠᠲᠠᠢ ᠲᠠᠢ ᠤᠶᠠᠯᠳᠤᠭᠤᠯᠬᠤ ᠰᠤᠷᠤᠯᠴᠠᠯᠭ᠎ᠠ ᠶᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠡᠯ᠎ᠡ ᠱᠠᠲᠤᠨ ᠤ ᠺᠠᠳ᠋ᠷ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠳᠠᠪᠤᠷᠢ ᠪᠣᠯᠤᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠬᠥᠭᠵᠢᠭᠦᠯᠦᠯᠲᠡ ᠶᠢᠨ ᠶᠡᠭᠡ ᠶᠠᠷᠢᠯᠴᠠᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽  ᠭᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠶᠢ ᠬᠡᠷᠬᠢᠨ ᠦᠵᠡᠬᠦ᠂ ᠶᠠᠭᠠᠬᠢᠵᠤ ᠥᠭᠡᠷᠡᠴᠢᠯᠡᠬᠦ᠂ ᠶᠠᠭᠤ ᠶᠢ ᠥᠭᠡᠷᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠲᠣᠭᠤᠷᠢᠨ ᠳᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢᠨ ᠲᠣᠭᠤᠷᠢᠨ ᠳᠤ᠂ ᠶᠡᠭᠡ ᠶᠠᠷᠢᠯᠴᠠᠭ᠎ᠠ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶ ᠪᠣᠯᠭᠠᠵᠤ᠂ ᠥᠭᠡᠷᠡᠴᠢᠯᠡᠯᠲᠡ ᠶᠢ ᠠᠬᠢᠭᠤᠯᠤᠨ᠂ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠨᠥᠬᠦᠴᠡᠯ᠂ ᠬᠠᠷᠢᠴᠠᠭᠤᠯᠤᠭᠰᠠᠨ ᠳᠠᠪᠠᠭᠤᠯᠢᠭ ᠪᠠ ᠢᠷᠡᠭᠡᠳᠦᠶ ᠶᠢᠨ ᠬᠠᠨᠳᠤᠰᠢ ᠳᠤ ᠨᠡᠶᠢᠴᠡᠬᠦ ᠪᠣᠬᠢᠷᠲᠤᠯ ᠥᠬᠡᠶ ᠳᠠᠪᠠᠭᠤᠯᠢᠭ ᠣᠲᠣ ᠦᠶ᠎ᠡ ᠶᠢᠨ ᠠᠵᠤ ᠤᠶᠢᠯᠡᠰ ᠤᠨ ᠰᠢᠰᠲ᠋ᠧᠮ ᠢ ᠦᠨᠡᠨᠬᠦ ᠪᠦᠷᠢᠯᠲᠦᠬᠦᠯᠬᠦ ᠭᠡᠷᠡᠭᠲᠡᠢ᠃ ᠠᠵᠢᠯᠯᠠᠭ᠎ᠠ ᠪᠠᠨ ᠶᠡᠭᠡ ᠪᠠᠷ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠤᠲᠠ ᠶᠢᠨ ᠨᠠᠮ ᠤᠨ ᠬᠤᠷᠢᠶᠠᠨ ᠤ ︽ᠲᠠᠪᠤᠨ ᠶᠡᠭᠡ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠣᠶᠤᠨ ᠰᠠᠨᠠᠭᠠᠨ ᠤ ᠪᠠᠶᠢᠳᠠᠯ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ᠂ ᠠᠵᠢᠯ ᠤᠨ ᠰᠤᠷᠲᠠᠯ ᠵᠡᠷᠭᠡ ᠳᠤ ᠨᠢᠭᠡ ᠤᠳᠠᠭᠠᠨ ᠤ ᠪᠥᠬᠦ ᠲᠠᠯ᠎ᠠ ᠶᠢᠨ ᠵᠠᠳᠠᠯᠤᠯᠲᠠ ᠬᠢᠵᠦ᠂ ᠲᠡᠮᠦᠷ ᠮᠡᠲᠦ ᠬᠠᠲᠠᠭᠤ ᠵᠣᠷᠢᠭ᠂ ᠲᠡᠮᠦᠷ ᠮᠡᠲᠦ ᠬᠠᠲᠠᠭᠤ ᠠᠷᠭ᠎ᠠ ᠪᠠᠷᠢᠯ ᠢᠶᠠᠷ ᠶᠡᠭᠡ ᠴᠡᠭᠴᠡᠯᠡᠯᠲᠡ ᠬᠢᠵᠦ᠂ ᠴᠤᠭ ᠰᠦᠯᠳᠡ ᠪᠠᠨ ᠤᠯᠠᠮ ᠨᠢᠭᠡ ᠠᠯᠬᠤᠮ ᠪᠠᠳᠠᠷᠠᠭᠤᠯᠤᠨ᠂ ᠪᠥᠬᠦ ᠬᠤᠰᠢᠭᠤᠨ ᠤ ᠨᠠᠮ ᠤᠨ ᠬᠤᠷᠢᠶ᠎ᠠ ᠶᠢᠨ ᠠᠵᠤ ᠠᠬᠤᠶ ᠶᠢᠨ ᠠᠵᠢᠯ ᠤᠨ ᠬᠤᠷᠠᠯ ᠵᠢᠴᠢ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠡᠯ᠎ᠡ ᠵᠤᠶᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠬᠠᠷᠢᠴᠠᠭᠤᠯᠵᠤ᠂ ᠡᠯ᠎ᠡ  ᠵᠤᠶᠢᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠳᠥᠯᠭᠢᠨ ᠠᠬᠢᠭᠤᠯᠬᠤ ᠭᠡᠷᠡᠭᠲᠡᠢ᠃         ᠸᠠᠩ ᠶᠢᠨ ᠪᠦᠦ ᠴᠢᠬᠤᠯᠠᠴᠢᠯᠠᠬᠤ ᠳᠠᠭᠠᠨ᠂ ᠡᠷᠬᠡᠪᠰᠢ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠪᠥᠬᠦ ᠲᠠᠯ᠎ᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠲᠠᠷᠢᠶᠠᠯᠠᠩ ᠤᠨ ᠭᠤᠣᠯᠳᠠᠯᠭ᠎ᠠ ᠲᠠᠢ ᠵᠦᠢᠯᠡᠰ᠂ ᠠᠵᠤ ᠦᠢᠯᠡᠳᠪᠦᠷᠢ ᠶᠢᠨ ᠴᠢᠬᠤᠯᠠ ᠶᠡᠭᠡ ᠵᠦᠢᠯᠡᠰ ᠢ ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠰᠠᠭᠤᠷᠢᠨ ᠳᠡᠭᠡᠷ᠎ᠡ᠂ ᠡᠯ᠎ᠡ ᠬᠦᠷᠢᠶᠡᠨ ᠤ ᠭᠦᠢᠴᠡᠳᠬᠡᠬᠦ ᠲᠤᠭ᠎ᠠ ᠶᠢ ᠪᠦᠬᠦ ᠬᠤᠳᠠ ᠳᠤ ᠳᠠᠭᠠᠭᠤᠯᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠦᠨᠳᠦᠰᠦᠲᠡᠨ ᠤ ᠪᠦᠯᠬᠦᠮᠳᠡᠯ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ᠂ ᠣᠨᠴᠠᠭᠠᠶᠢᠯᠠᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠠ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠲᠣᠰ ᠤᠳᠠᠭᠠᠨ ᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠲᠤᠰᠬᠠᠶ ᠠᠵᠢᠯᠯᠠᠭ᠎ᠠ ᠪᠠᠷ ᠡᠬᠢᠯᠡᠯᠲᠡ ᠪᠣᠯᠭᠠᠵᠤ᠂ ᠲᠣᠭᠲᠠᠭᠤᠨ ᠪᠥᠭᠡᠳ ᠡᠷᠡᠭᠦᠯ ᠠᠵᠤ ᠠᠬᠤᠶ ᠶᠢᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠡᠶ᠃
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ