5 ᠰᠠᠷ᠎ᠠ ᠶᠢᠨ 9 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠳᠣᠲᠣᠭᠠᠳᠤ ᠶᠢᠨ | ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠨ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ | ᠬᠢᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠡᠷᠬᠢᠨ ᠬᠤᠷᠠᠯ ᠢᠡᠷᠭᠢᠯᠡᠨ ᠶᠠᠷᠢᠶ᠎ᠠ ᠲᠠᠯᠪᠢᠵᠤ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ ᠠᠯᠲᠠᠨᠪᠤᠯᠠᠭ᠂ ᠾᠧ ᠷᠦᠢ᠂ ᠯᠢ ᠴᠢᠩ ᠯᠠᠶ᠂ ᠹᠦ᠋ ᠯᠸᠢ᠂ ᠸᠠᠩ ᠵᠢᠶᠠᠨ ᠵᠢᠶᠦ᠋ᠨ ᠬᠤᠷᠠᠯ ᠳᠤ ᠣᠷᠣᠯᠴᠠᠵᠠᠶ᠃ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ ᠶᠠᠩ ᠰᠢᠤᠢ᠂ ᠪᠤᠯᠤᠳ ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠤᠰ ᠲᠤᠰ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ | ᠪᠠᠶᠢᠯᠭᠠᠬᠤ ᠪᠠᠷ ᠭᠤᠣᠯ ᠰᠡᠳᠦᠪ ᠪᠣᠯᠭᠠᠵᠤ᠂ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰᠬᠠᠢ ᠰᠡᠳᠦᠪᠲᠦ ᠰᠤᠳᠤᠯᠤᠯᠴᠠᠭᠠ | ᠪᠠᠨ ᠥᠷᠨᠢᠭᠦᠯᠪᠡ᠃ | ᠬᠤᠷᠠᠯ ᠠᠴᠠ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ | ᠵᠠᠰᠠᠬᠤ ᠶᠢ ᠥᠷᠨᠢᠭᠦᠯᠬᠦ ᠳᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠪᠣᠯ ᠨᠢᠭᠡᠨ ᠲᠤᠮᠤ ᠶᠠᠪᠤᠳᠠᠯ ᠮᠥᠨ᠂ | ᠪᠠᠶᠢᠷᠢᠯᠠᠭᠤᠯᠤᠯᠲᠠ ᠶᠢ ᠲᠥᠯᠥᠪᠯᠡᠬᠦ ᠪᠠᠷ ᠪᠠᠷᠠᠬᠤ ᠦᠭᠡᠢ ᠪᠠᠰᠠ ᠨᠠᠷᠢᠨ ᠪᠣᠳᠠᠲᠠᠢ ᠠᠳᠬᠤᠬᠤ ᠬᠡᠷᠡᠭᠲᠡᠢ᠃ ᠬᠤᠷᠠᠯ ᠳᠤ ᠣᠷᠣᠯᠴᠠᠭᠰᠠᠨ ᠡᠯ᠎ᠡ ᠬᠥᠮᠦᠰ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ | ᠴᠡᠭᠴᠡᠯᠠᠬᠦ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠠᠯ ᠠᠴᠠ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠰᠠᠭᠤᠳᠠᠯ ᠂ ᠬᠠᠷᠠᠯᠲᠠ | ᠪᠤᠯᠤᠨ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠤᠭ ᠦᠨᠳᠦᠰᠦ ᠶᠢ ᠨᠢ | ᠵᠠᠰᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠭᠤᠣᠯᠳᠠᠯᠭ᠎ᠠ ᠲᠠᠢ ᠠᠳᠬᠤᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠡᠯ᠎ᠡ | ᠱᠠᠲᠤᠨ ᠤ ᠲᠣᠭᠤᠷᠢᠨ ᠪᠠᠶᠢᠴᠠᠭᠠᠵᠤ ᠂ ᠡᠯ᠎ᠡ ᠲᠦᠷᠦᠯ ᠤᠨ ᠬᠢᠨᠠᠨ ᠪᠤᠳᠤᠬᠤ ᠵᠡᠷᠭᠡ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠡᠩ ᠥᠨᠳᠥᠷ ᠲᠦᠪᠰᠢᠨ ᠪᠦᠬᠦᠢ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠱᠠᠭᠠᠷᠳᠠᠭᠰᠠᠨ ᠨᠢ᠂ ᠲᠤᠰ ᠤᠳᠠᠭᠠᠨ ᠤ ᠲᠥᠪᠯᠡᠷᠡᠭᠦᠯᠦᠨ ᠵᠠᠰᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠢᠲᠤᠭᠠᠨ ᠤ | ᠢᠷ ᠢᠶᠠᠨ ᠳᠣᠲᠣᠭᠰᠢ ᠪᠠᠨ ᠬᠠᠨᠳᠤᠭᠤᠯᠵᠤ᠂ ᠤᠯᠤᠰ ᠲᠥᠷᠥ ᠶᠢᠨ ᠦᠵᠡᠯᠲᠡ᠂ ᠡᠷᠬᠡ ᠶᠢᠨ ᠦᠵᠡᠯᠲᠡ᠂ ᠶᠠᠪᠤᠯᠴᠠᠭ᠎ᠠ ᠶᠢᠨ ᠦᠵᠡᠯᠲᠡ᠂ ᠠᠮᠢᠳᠤᠷᠠᠯ ᠤᠨ ᠦᠵᠡᠯᠲᠡ | ᠂ ᠲᠥᠷᠥᠯ ᠰᠠᠳᠤᠨ ᠤ ᠰᠡᠳᠬᠢᠯᠭᠡ ᠶᠢᠨ ᠦᠵᠡᠯᠲᠡ ᠶᠢ ᠪᠠᠲᠤ ᠰᠠᠬᠢᠵᠤ᠂ ︽ᠠᠷᠪᠠᠨ ᠨᠢᠭᠡ ᠶᠢ ᠴᠢᠩᠭ᠎ᠠ ᠴᠠᠭᠠᠵᠠᠯᠠᠬᠤ︾ ᠶᠢ ᠴᠢᠩᠭ᠎ᠠ ᠵᠢᠷᠤᠮᠯᠠᠵᠤ᠂ ᠵᠠᠷᠯᠠᠨ | ᠮᠡᠳᠡᠭᠳᠡᠬᠦ ᠨᠠᠷᠢᠨ ᠲᠠᠩᠰᠠ᠂ ᠲᠤᠰᠬᠠᠶ ᠰᠡᠳᠦᠪᠲᠦ ᠬᠥᠮᠦᠵᠢᠯ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠠᠮᠠᠯᠠᠯᠲᠠ ᠪᠠᠨ ᠪᠡᠶᠡᠯᠡᠭᠦᠯᠬᠦ᠂ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠲᠦᠷᠢᠮ ᠲᠣᠭᠲᠠᠭᠠᠯ ᠲᠣᠭᠲᠠᠭᠠᠬᠤ᠂ ᠡᠯ᠎ᠡ ᠭᠤᠭᠴᠤᠭ᠎ᠠ ᠶᠢᠨ ᠠᠵᠢᠯ ᠢ ᠵᠢᠷᠤᠮᠵᠢᠭᠤᠯᠤᠨ ᠳᠡᠭᠡᠭᠰᠢᠯᠡᠭᠦᠯᠬᠦ ᠶᠢ | ᠯᠠᠪᠳᠠᠭᠤᠨ ᠪᠠᠲᠤᠲᠠᠶ ᠠᠬᠢᠭᠤᠯᠵᠤ᠂ ᠲᠥᠪᠯᠡᠷᠡᠭᠦᠯᠦᠨ ᠵᠠᠰᠠᠬᠤ ᠠᠵᠢᠯ ᠤᠨ ᠳᠤᠮᠳᠠ ᠨᠢᠭᠡ ᠤᠳᠠᠭᠠᠨ ᠤ ᠪᠥᠬᠦ ᠲᠠᠯ᠎ᠠ ᠶᠢᠨ ᠭᠦᠨ ᠭᠦᠨᠵᠡᠭᠡᠶ ᠤᠯᠤᠰ ᠲᠥᠷᠥ ᠶᠢᠨ | ᠬᠥᠮᠦᠵᠢᠯ᠂ ᠦᠵᠡᠯ ᠰᠠᠨᠠᠭᠠᠨ ᠤ ᠳᠠᠪᠲᠠᠯᠲᠠ᠂ ᠣᠶᠤᠨ ᠰᠠᠨᠠᠭᠠᠨ ᠤ ᠳᠠᠪᠲᠠᠯᠲᠠ ᠶᠢ ᠦᠨᠡᠨᠬᠦ ᠭᠥᠷᠳᠡᠬᠦ ᠶᠢ ᠪᠠᠲᠤᠯᠠᠵᠤ᠂ ᠲᠥᠪᠯᠡᠷᠡᠭᠦᠯᠦᠨ ᠵᠠᠰᠠᠬᠤ ᠠᠵᠢᠯ ᠤᠨ | ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ | |