ᠤᠷᠠᠳ ᠤᠨ ᠬᠤᠶᠢᠳᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢᠨ ᠲᠣᠭᠤᠷᠢᠨ ᠳᠤ ᠲᠤᠰᠬᠠᠢ ᠰᠡᠳᠦᠪᠲᠦ  ᠰᠤᠳᠤᠯᠤᠯᠳᠠ ᠦᠷᠨᠢᠬᠦᠯᠪᠠ
ᠨᠡᠶᠢᠲᠡᠯᠡᠭᠰᠡᠨ ᠴᠠᠭ᠄
2022/5/16
        5 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ 2022 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠣᠭᠤᠷᠢᠨ ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠪᠡ᠃          ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠰᠤᠳᠤᠯᠤᠨ ᠶᠠᠷᠢᠯᠴᠠᠬᠤ ᠶᠢ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ  ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠮᠧᠩ ᠵᠢᠶᠦ᠋ᠨ᠂  ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ  ᠵᠦ ᠶᠢᠨ ᠽᠧ᠂ ᠸᠠᠩ ᠰᠢᠶᠣᠣ ᠶᠠᠨ᠂ ᠶᠢᠨ ᠳ᠋ᠦᠩ᠂ ᠬᠤᠸ ᠶᠣᠣ ᠹᠧᠨ᠂ ᠵᠣᠣ ᠪᠠᠭᠠᠲᠤᠷ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ  ᠬᠢᠨᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠸᠧᠢ ᠯᠠᠢ᠂ ᠳ᠋ᠢᠩ ᠼᠦᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃        ᠬᠤᠷᠠᠯ ᠳᠡᠭᠡᠷ᠎ᠡ᠂ ᠤᠯᠠᠨ ᠢᠶᠠᠷ ᠢᠶᠠᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠯᠠᠬᠤ ᠶᠢ ᠲᠥᠪᠯᠡᠷᠡᠭᠦᠯᠦᠨ ᠵᠠᠰᠠᠬᠤ ᠠᠰᠠᠭᠤᠳᠠᠯ ᠤᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠵᠡᠯ ᠰᠠᠨᠠᠭ᠎ᠠ ᠲᠠᠨᠢᠯᠲᠠ ᠪᠠᠨ ᠶᠠᠷᠢᠵᠤ᠂ ᠣᠶᠢᠯᠠᠭᠠᠯᠲᠠ ᠪᠠᠨ ᠬᠤᠪᠢᠶᠠᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢᠶᠠᠨ ᠲᠣᠳᠣᠷᠬᠠᠢ ᠪᠣᠯᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠠᠷᠪᠠᠨ ᠨᠢᠭᠡ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠤᠯᠤᠰ ᠲᠦᠷᠦ ᠶᠢᠨ ᠶᠡᠭᠡ ᠲᠠᠯ᠎ᠠ ᠶᠢᠨ ᠳᠡᠭᠡᠳᠦ ᠬᠡᠮᠵᠢᠶᠡᠨ ᠠᠴᠠ ᠲᠥᠪᠯᠡᠷᠡᠭᠦᠯᠦᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠲᠠᠯ ᠴᠢᠬᠡᠴᠢ᠂ ᠣᠪᠣᠷ ᠲᠥᠪ᠂ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃        ᠸᠠᠩ ᠶᠢᠨ ᠪᠦᠦ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠰᠤᠷᠤᠯᠴᠠᠬᠤ︾ ᠳᠡᠭᠡᠷ᠎ᠡ ᠪᠣᠳᠠᠲᠠᠢ ᠬᠦᠴᠦ ᠣᠷᠣᠭᠤᠯᠵᠤ᠂ ᠰᠤᠷᠤᠯᠴᠠᠯᠭ᠎ᠠ ᠬᠥᠮᠦᠵᠢᠯ ᠢ ᠲᠥᠪᠯᠡᠷᠡᠭᠦᠯᠦᠨ ᠵᠠᠰᠠᠬᠤ ᠠᠵᠢᠯ ᠤᠨ ᠡᠬᠢᠨ ᠠᠴᠠ ᠳᠠᠭᠤᠰᠲᠠᠯ᠎ᠠ ᠲᠤᠤᠱᠯᠠᠭᠤᠯᠵᠤ᠂ ᠪᠠᠶᠢᠩᠭᠤᠵᠢᠭᠤᠯᠤᠨ ᠰᠤᠷᠤᠯᠴᠠᠯᠭ᠎ᠠ ᠥᠷᠨᠢᠭᠦᠯᠬᠦ ᠶᠢ ᠪᠠᠷᠢᠮᠲᠠᠯᠠᠨ᠂ ᠣᠶᠤᠨ ᠰᠠᠨᠠᠭᠠᠨ ᠳᠤᠨᠢ ᠬᠠᠳᠠᠩᠰᠢᠭᠤᠯᠬᠤ ᠶᠢ ᠪᠠᠲᠤᠯᠠᠬᠤ ᠬᠡᠷᠡᠭᠲᠡᠢ᠃ ︽ᠡᠷᠢᠬᠦ︾ ᠳᠡᠭᠡᠷ᠎ᠡ ᠦᠨᠡᠨ ᠪᠠᠶᠢᠳᠠᠯ ᠢ ᠢᠯᠡᠷᠡᠭᠦᠯᠵᠦ᠂ ᠠᠰᠠᠭᠤᠳᠠᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠢ ᠬᠠᠷᠢᠴᠠᠭᠤᠯᠵᠤ᠂ ᠥᠪᠡᠷ ᠤᠨ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠤᠨᠢᠨ ᠳᠡᠭᠡᠷ᠎ᠡ ᠨᠢ ᠪᠠᠶᠢᠴᠠᠭᠠᠨ ᠳᠡᠯᠭᠡᠵᠦ᠂ ᠠᠰᠠᠭᠤᠳᠠᠯ ᠢ ᠣᠨᠣᠪᠴᠢᠲᠠᠢ ᠡᠷᠢᠵᠦ ᠪᠣᠳᠠᠲᠠᠢ ᠡᠷᠢᠬᠦ ᠶᠢ ᠪᠠᠲᠤᠯᠠᠵᠤ᠂ ᠬᠠᠭᠤᠷᠴᠤ ᠮᠡᠬᠡᠯᠡᠬᠦ ᠪᠠ ᠠᠵᠠ ᠵᠠᠪᠰᠢᠶᠠᠨ ᠢ ᠡᠷᠢᠬᠦ ᠦᠵᠡᠯ ᠰᠠᠨᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ︽ᠥᠭᠡᠷᠡᠴᠢᠯᠡᠬᠦ︾ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠡᠷᠢᠵᠦ ᠣᠯᠣᠭᠰᠠᠨ ᠠᠰᠠᠭᠤᠳᠠᠯ ᠳᠤ ᠴᠢᠭᠯᠡᠭᠦᠯᠦᠨ᠂ ᠴᠢᠭᠯᠡᠭᠦᠯᠬᠦ ᠴᠢᠨᠠᠷᠲᠠᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ᠪᠠᠶᠢᠴᠠᠭᠠᠬᠤ︾ ᠳᠡᠭᠡᠷ᠎ᠡ ᠪᠣᠳᠠᠲᠠᠢ ᠠᠷᠭ᠎ᠠ ᠶᠢ ᠬᠡᠷᠡᠭᠯᠡᠵᠦ᠂ ᠪᠠᠶᠢᠴᠠᠭᠠᠨ ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠨᠵᠢ ᠴᠢᠨᠠᠷ ᠢ ᠣᠨᠣᠪᠴᠢᠲᠠᠢ ᠲᠣᠭᠲᠠᠭᠠᠵᠤ᠂ ᠲᠦᠷᠦᠯ ᠬᠤᠪᠢᠶᠠᠨ ᠴᠢᠩᠭ᠎ᠠ ᠲᠦᠷᠭᠡᠨ ᠪᠠᠶᠢᠴᠠᠭᠠᠨ ᠰᠢᠢᠳᠪᠦᠷᠢᠯᠡᠵᠦ᠂ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠳᠤ ᠦᠨᠡᠨ ᠪᠣᠳᠠᠲᠠᠢ ᠪᠠᠷ ᠬᠦᠴᠢᠷ ᠠᠰᠠᠭᠤᠳᠠᠯ ᠢ ᠬᠦᠨᠳᠡᠬᠦ ᠶᠢ ᠪᠠᠲᠤᠯᠠᠬᠤ ᠬᠡᠷᠡᠭᠲᠡᠢ᠃ ︽ᠪᠠᠶᠢᠭᠤᠯᠬᠤ︾ ᠳᠡᠭᠡᠷ᠎ᠡ ᠪᠣᠳᠠᠲᠠᠢ ᠠᠵᠢᠯ ᠬᠢᠵᠦ᠂ ᠴᠠᠭ ᠲᠤᠬᠠᠢ ᠳᠤᠨᠢ ᠰᠤᠳᠤᠯᠵᠤ᠂ ᠲᠤᠷᠰᠢᠯᠭ᠎ᠠ ᠪᠠᠨ ᠳ᠋ᠦᠩᠨᠡᠨ᠂ ᠳᠦᠷᠢᠮ ᠲᠣᠭᠲᠠᠭᠠᠯ ᠲᠣᠭᠲᠠᠭᠠᠬᠤ ᠶᠢ ᠠᠬᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠥᠪ ᠴᠢᠩᠭ᠎ᠠ ᠵᠢᠷᠤᠮᠵᠢᠯ ᠲᠠᠢ ᠪᠠᠶᠢᠬᠤ ᠶᠢ ᠪᠠᠲᠤᠯᠠᠵᠤ᠂ ᠲᠥᠪᠯᠡᠷᠡᠭᠦᠯᠦᠨ ᠵᠠᠰᠠᠭᠰᠠᠨ ᠦᠷ᠎ᠡ ᠪᠦᠲᠦᠮᠵᠢ ᠶᠢ ᠺᠠᠳ᠋ᠷ ᠤᠨ ᠰᠤᠷᠲᠠᠯ ᠢ ᠬᠤᠪᠢᠷᠠᠭᠤᠯᠬᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃        ᠸᠧᠢ ᠯᠠᠢ ᠶᠠᠷᠢᠶ᠎ᠠ ᠶᠢ ᠦᠨᠡᠯᠡᠬᠦ ᠳᠡᠭᠡᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠬᠢᠨᠠᠮᠠᠭᠠᠢ ᠪᠡᠯᠡᠳᠬᠡᠵᠦ᠂ ᠪᠣᠳᠠᠲᠤ ᠦᠷ᠎ᠡ ᠪᠦᠲᠦᠮᠵᠢ ᠣᠯᠵᠠᠢ᠃ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠭᠡᠰᠢᠭᠦᠳ ᠤᠨ ᠰᠤᠳᠤᠯᠤᠨ ᠶᠠᠷᠢᠯᠴᠠᠭᠰᠠᠨ ᠶᠠᠷᠢᠶ᠎ᠠ ᠶᠢ ᠭᠦᠢᠴᠡᠳ ᠲᠠᠨᠢᠵᠤ᠂ ᠭᠦᠨ ᠭᠦᠨᠵᠡᠭᠡᠢ ᠣᠶᠢᠯᠠᠭᠠᠯᠲᠠ ᠲᠠᠢ᠂ ᠠᠵᠢᠯ ᠶᠠᠪᠤᠳᠠᠯ ᠬᠢᠵᠦ ᠦᠢᠯᠡᠰ ᠴᠣᠭᠴᠠᠯᠠᠬᠤ ᠠᠭᠤᠷ ᠠᠮᠢᠰᠬᠤᠯ ᠭᠦᠨ ᠵᠤᠵᠠᠭᠠᠨ ᠪᠠᠶᠢᠨ᠎ᠠ᠃ ᠸᠧᠢ ᠯᠠᠢ᠂ ᠳᠠᠷᠠᠭᠠᠴᠢ ᠶᠢᠨ ᠠᠯᠬᠤᠮ ᠳᠤ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠬᠡᠪ ᠢᠶᠠᠷ  ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠨᠡᠬᠦ ᠠᠵᠢᠯ ᠢ ᠥᠨᠳᠥᠷ ᠪᠦᠲᠦᠮᠵᠢᠲᠡᠢ ᠡᠮᠬᠢ ᠳᠢᠭᠯᠢᠮ ᠲᠠᠢ ᠥᠷᠨᠢᠭᠦᠯᠵᠦ᠂ ᠨᠠᠷᠢᠨ ᠬᠢᠨᠠᠮᠠᠭᠠᠢ ᠰᠠᠶᠢᠲᠤᠷ ᠥᠷᠨᠢᠭᠦᠯᠵᠦ᠂ ᠲᠥᠰᠥᠯ ᠤᠨ ᠱᠠᠭᠠᠷᠳᠠᠯᠭ᠎ᠠ ᠪᠣᠯᠣᠨ ᠲᠣᠭᠲᠠᠭᠠᠭᠰᠠᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠵᠤ᠂ ᠰᠤᠷᠤᠯᠴᠠᠬᠤ ᠶᠢᠨ ᠳᠠᠭᠠᠤ ᠪᠠᠶᠢᠴᠠᠭᠠᠵᠤ᠂ ᠰᠠᠶᠢᠵᠢᠷᠠᠭᠤᠯᠬᠤ ᠶᠢ ᠪᠠᠷᠢᠮᠲᠠᠯᠠᠵᠤ᠂ ᠲᠥᠪᠯᠡᠷᠡᠭᠦᠯᠦᠨ ᠵᠠᠰᠠᠬᠤ ᠠᠵᠢᠯ ᠢ ᠴᠢᠩᠭ᠎ᠠ ᠂ ᠨᠠᠷᠢᠯᠢᠭ᠂ ᠪᠣᠳᠠᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠠᠮᠢᠳᠤᠯᠢᠭ ᠪᠥᠭᠡᠳ ᠣᠯᠠᠨ ᠶᠠᠩᠵᠤ ᠶᠢᠨ ᠬᠡᠯᠪᠡᠷᠢ ᠪᠠᠷ ᠤᠬᠠᠭᠤᠯᠤᠨ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠲᠥᠪᠯᠡᠷᠡᠭᠦᠯᠦᠨ ᠵᠠᠰᠠᠬᠤ ᠠᠵᠢᠯ ᠢ ᠲᠦᠯᠬᠢᠨ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠬᠡᠪᠠ᠃                                                                  ᠤᠯᠠᠭᠠᠨ   ᠤᠶᠤᠠᠲᠠᠨ᠎ᠠ    ᠪᠤᠤ ᠤᠯᠠᠭᠠᠨ
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ