| ᠤᠶᠢᠷ᠎ᠠ ᠶᠢᠨ ᠡᠳᠦᠷ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠤᠯᠤᠳ ᠪᠠᠶᠠᠨᠪᠤᠯᠠᠭ ᠪᠠᠯᠭᠠᠰᠤ᠂ ᠬᠦᠭᠡᠨ᠋ᠦ᠋ᠠᠲᠤᠷ ᠪᠠᠯᠭᠠᠰᠤᠨ ᠳᠤ | ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ | ᠰᠤᠮᠤ ᠪᠠᠯᠭᠠᠰᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ | ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠪᠤᠯᠤᠳ ᠪᠠᠶᠠᠨᠪᠤᠯᠠᠭ ᠪᠠᠯᠭᠠᠰᠤ ᠶᠢᠨ ᠲᠤᠸᠠᠨ ᠵᠢᠶᠧ ᠲᠣᠰᠬᠤᠨ ᠤ ᠠᠯᠠᠰᠢᠨ ᠦᠬᠡᠷ ᠲᠡᠵᠢᠭᠡᠨ | ᠦᠷᠡᠵᠢᠭᠦᠯᠬᠦ ᠲᠣᠭᠤᠷᠢᠭ ᠤᠨ ᠲᠦᠷᠦᠯ ᠵᠦᠢᠯ᠂ ᠤᠰᠤ ᠠᠷᠪᠢᠯᠠᠬᠤ ᠲᠥᠬᠦᠭᠡᠷᠦᠮᠵᠢ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠲᠦᠷᠦᠯ ᠵᠦᠢᠯ᠂ | ᠬᠦᠭᠡᠨ᠋ᠦ᠋ᠠᠲᠤᠷ ᠪᠠᠯᠭᠠᠰᠤ ᠶᠢᠨ ᠭᠤᠸᠠᠩ ᠯᠢᠨ ᠲᠣᠰᠬᠤᠨ ᠤ ᠲᠦᠭᠡᠭᠡᠯ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠲᠦᠷᠦᠯ ᠵᠦᠢᠯ ᠳᠤ ᠭᠦᠨᠵᠡᠭᠡᠶᠢᠷᠡᠵᠦ᠂ ᠠᠵᠤ | ᠦᠢᠯᠡᠰ ᠤᠨ ᠬᠥᠭᠵᠢᠯᠲᠡ ᠪᠠ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ | ᠲᠦᠷᠦᠯ ᠵᠦᠢᠯ ᠢ ᠬᠡᠷᠡᠭᠵᠢᠭᠦᠯᠬᠦ ᠵᠠᠩᠭᠢᠯᠠᠭ᠎ᠠ ᠶᠢᠨ ᠭᠤᠭᠴᠤᠭ᠎ᠠ᠂ ᠬᠦᠴᠢᠷᠳᠡᠯ ᠲᠠᠢ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ | ᠲᠡᠷᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠠᠳᠬᠤᠵᠤ᠂ ᠡᠯ᠎ᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠠᠵᠤ ᠦᠢᠯᠡᠰ ᠬᠥᠭᠵᠢᠨ ᠴᠡᠴᠡᠭᠯᠡᠬᠦ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ | ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠬᠠᠮᠲᠤ ᠪᠠᠷ ᠠᠳᠬᠤᠨ ᠬᠠᠮᠲᠤ ᠪᠠᠷ ᠬᠠᠮᠢᠶᠠᠷᠴᠤ᠂ ᠡᠯ᠎ᠡ ᠵᠤᠶᠢᠯ ᠤᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠵᠦ᠂ ᠮᠠᠨ ᠤ ᠬᠤᠰᠢᠭᠤᠨ ᠤ | ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠴᠢᠷᠮᠠᠶᠢᠨ ᠠᠬᠢᠭᠤᠯᠵᠤ᠂ ᠲᠠᠷᠢᠶᠠᠴᠢᠳ ᠤᠨ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ | | ᠤᠯᠠᠭᠠᠨ ᠠᠯᠲᠠᠠᠰᠤᠪᠤᠳ | |