ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠡᠳ᠋ ᠤᠨ ᠵᠠᠰᠠᠭ ᠵᠣᠭᠤᠰᠤᠨ ᠤ | ᠲᠥᠷᠥ ᠶᠢᠨ ᠪᠣᠳᠣᠯᠭ᠎ᠠ ᠳᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠨ ᠠᠵᠤ ᠠᠬᠤᠢ ᠶᠢᠨ ᠶᠡᠭᠡ ᠪᠠᠶᠢᠳᠠᠯ ᠢ | ᠲᠣᠭᠲᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ | ᠦᠯᠡᠳᠡᠭᠡᠯ ᠡᠳ᠋ ᠬᠥᠷᠥᠩᠭᠡ ᠶᠢ ᠤᠯᠠᠮ ᠨᠢᠭᠡ ᠠᠯᠬᠤᠮ ᠴᠢᠯᠦᠭᠡᠲᠡᠢ ᠭᠦᠢᠯᠭᠡᠭᠡᠵᠦ ᠨᠡᠶᠢᠭᠡᠮ ᠤᠨ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠦᠷᠭᠡᠳᠬᠡᠨ | ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠲᠤᠬᠠᠢ ᠪᠠᠶᠢᠷᠢᠯᠠᠭᠤᠯᠪᠠ | ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ | ᠵᠢᠭᠡᠯᠡᠯᠭᠡ ᠶᠢᠨ ᠬᠦᠦ ᠮᠥᠩᠭᠦ ᠶᠢ ᠱᠠᠲᠤᠴᠢ ᠴᠢᠨᠠᠷᠲᠠᠢ ᠪᠠᠷ ᠬᠡᠯᠲᠦᠷᠢᠭᠦᠯᠬᠦ ᠶᠢᠨ ᠬᠠᠮᠲᠤ ᠡᠬᠡ ᠮᠦᠩᠭᠦ ᠶᠢ ᠬᠤᠭᠤᠴᠠᠭ᠎ᠠ ᠬᠤᠶᠢᠰᠢᠯᠠᠭᠤᠯᠤᠨ ᠪᠤᠴᠠᠭᠠᠬᠤ ᠶᠢ | ᠵᠦᠪᠰᠢᠶᠡᠷᠡᠬᠦ ᠪᠠᠷ ᠲᠣᠭᠲᠠᠪᠠ | ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 11 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠺᠧ ᠴᠢᠶᠠᠩ 5 ᠳ᠋ᠤᠭᠠᠷ ᠰᠠᠷ᠎ᠠ ᠶᠢᠨ 11 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠳ᠋ ᠤᠨ | ᠵᠠᠰᠠᠭ ᠵᠣᠭᠤᠰᠤᠨ ᠤ ᠲᠦᠷᠦ ᠶᠢᠨ ᠪᠣᠳᠣᠯᠭ᠎ᠠ ᠳᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠨ ᠠᠵᠤ ᠠᠬᠤᠢ ᠶᠢᠨ ᠶᠡᠭᠡ | ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ︔ ᠦᠯᠡᠳᠡᠭᠡᠯ ᠡᠳ᠋ ᠬᠥᠷᠥᠩᠭᠡ ᠶᠢ ᠤᠯᠠᠮ ᠨᠢᠭᠡ ᠠᠯᠬᠤᠮ ᠴᠢᠯᠦᠭᠡᠲᠡᠢ ᠭᠦᠢᠯᠭᠡᠭᠡᠵᠦ᠂ ᠨᠡᠶᠢᠭᠡᠮ ᠤᠨ | ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠲᠤᠬᠠᠢ ᠪᠠᠶᠢᠷᠢᠯᠠᠭᠤᠯᠪᠠ︔ ᠠᠵᠤ ᠠᠬᠤᠢ ᠶᠢᠨ | ᠲᠠᠯ᠎ᠠ ᠪᠠᠷ ᠬᠦᠴᠢᠷᠳᠡᠯ ᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ | ᠱᠠᠲᠤᠴᠢ ᠴᠢᠨᠠᠷᠲᠠᠢ ᠪᠠᠷ ᠬᠡᠯᠲᠦᠷᠢᠭᠦᠯᠬᠦ ᠶᠢᠨ ᠬᠠᠮᠲᠤ ᠡᠬᠡ ᠮᠦᠩᠭᠦ ᠶᠢ ᠬᠤᠭᠤᠴᠠᠭ᠎ᠠ ᠬᠤᠶᠢᠰᠢᠯᠠᠭᠤᠯᠤᠨ ᠪᠤᠴᠠᠭᠠᠬᠤ ᠶᠢ ᠵᠦᠪᠰᠢᠶᠡᠷᠡᠬᠦ ᠪᠠᠷ ᠲᠣᠭᠲᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠨᠢᠭᠡᠨ ᠡᠭᠡᠯᠵᠢ ᠶᠢᠨ ᠬᠢᠵᠢᠭ ᠤᠨ ᠪᠠᠶᠢᠳᠠᠯ ᠪᠠ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠶᠢᠨ | ᠵᠢᠱᠢᠯᠲᠡ ᠠᠴᠠ ᠳᠠᠪᠠᠭᠰᠠᠨ ᠨᠥᠯᠥᠭᠡ ᠠᠴᠠ ᠪᠣᠯᠵᠤ᠂ 4 ᠳ᠋ᠦ᠋ᠭᠡᠷ ᠰᠠᠷ᠎ᠠ ᠳᠤ ᠠᠵᠤ ᠠᠬᠤᠢ ᠶᠢᠨ ᠰᠢᠨ᠎ᠡ ᠪᠠᠭᠤᠷᠠᠯᠲᠠ ᠶᠢᠨ ᠳᠠᠷᠤᠯᠲᠠ ᠤᠯᠠᠮ ᠨᠢᠭᠡ ᠠᠯᠬᠤᠮ | ᠨᠡᠮᠡᠭᠳᠡᠪᠡ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ | ᠪᠠᠲᠤᠳᠬᠠᠨ᠂ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠳᠤ ᠵᠥᠪ ᠢᠶᠠᠷ ᠬᠠᠨᠳᠤᠵᠤ᠂ ᠠᠵᠤ ᠠᠬᠤᠢ ᠶᠢᠨ ᠶᠡᠭᠡ ᠪᠠᠶᠢᠳᠠᠯ ᠢ ᠬᠦᠴᠦᠯᠡᠨ ᠲᠣᠭᠲᠠᠪᠤᠷᠢᠵᠢᠭᠤᠯᠵᠤ᠂ | ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠳᠤ ᠰᠠᠭᠤᠷᠢ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ ᠨᠢᠭᠡ ᠳᠤ᠂ ᠡᠳ᠋ ᠤᠨ ᠵᠠᠰᠠᠭ᠂ ᠵᠣᠭᠤᠰᠤᠨ ᠤ ᠲᠦᠷᠦ ᠶᠢᠨ ᠪᠣᠳᠣᠯᠭ᠎ᠠ ᠨᠢ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠨ᠂ ᠭᠠᠶᠢᠯᠢ ᠶᠢ ᠪᠤᠴᠠᠭᠠᠬᠤ ᠪᠠ ᠭᠠᠶᠢᠯᠢ ᠶᠢ ᠪᠠᠭᠠᠰᠬᠠᠬᠤ᠂ ᠨᠡᠶᠢᠭᠡᠮ ᠤᠨ ᠳᠠᠭᠠᠳᠬᠠᠯ ᠤᠨ | ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ ᠲᠣᠭᠲᠠᠪᠤᠷᠢᠵᠢᠭᠤᠯᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ | ᠬᠦᠴᠦᠯᠡᠬᠦ ᠪᠠᠷ ᠳᠠᠮᠵᠢᠨ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ᠂ ᠨᠡᠮᠡᠭᠳᠡᠯ ᠢ ᠲᠣᠭᠲᠠᠪᠤᠷᠢᠵᠢᠭᠤᠯᠤᠨ᠂ ᠬᠡᠷᠡᠭᠯᠡᠭᠡ ᠶᠢ ᠠᠬᠢᠭᠤᠯᠬᠤ ᠬᠡᠷᠡᠭᠲᠡᠢ᠃ | ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠤᠯᠠᠮ ᠴᠢᠨᠠᠭᠰᠢᠳᠠ ᠰᠣᠳᠤᠯᠤᠨ ᠬᠡᠷᠡᠭᠯᠡᠵᠦ᠂ ᠣᠷᠣᠨ ᠨᠤᠲᠤᠭ ᠤᠨ ᠢᠳᠡᠪᠬᠢᠵᠢᠯ ᠢ ᠳᠠᠶᠢᠴᠢᠯᠠᠬᠤ ᠶᠢᠨ | ᠬᠠᠮᠲᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠪᠠᠶᠢᠷᠢ᠂ ᠠᠵᠢᠯ ᠣᠯᠭᠤᠯᠲᠠ ᠶᠢ ᠦᠨᠡᠨ ᠬᠦ ᠲᠣᠭᠲᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ | ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠮᠠᠨ ᠤ ᠤᠯᠤᠰ ᠤᠨ ᠠᠷᠠᠳ ᠤᠨ ᠠᠮᠢᠳᠤᠷᠠᠯ ᠤᠨ ᠦᠨᠳᠦᠰᠦᠨ ᠬᠡᠷᠡᠭᠴᠡᠭᠡᠨ ᠤ ᠡᠳ᠋ | ᠪᠣᠳᠠᠰ ᠤᠨ ᠬᠠᠩᠭᠠᠯᠭ᠎ᠠ ᠭᠦᠢᠴᠡᠳ ᠪᠠᠶᠢᠨ᠎ᠠ᠂ ᠭᠡᠪᠡᠴᠦ ᠡᠭᠦᠨ ᠢ ᠬᠥᠩᠭᠡᠪᠴᠢᠯᠡᠵᠦ ᠪᠣᠯᠬᠤ ᠦᠭᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠪᠣᠳᠠᠲᠠᠢ ᠠᠳᠬᠤᠵᠤ᠂ | ᠠᠮᠤ ᠪᠤᠳᠠᠭᠠᠨ ᠤ ᠤᠨᠠᠯᠲᠠ ᠪᠣᠯᠣᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ | ᠰᠠᠭᠤᠷᠢ ᠶᠢ ᠪᠠᠲᠤᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠬᠦ ᠶᠢᠨ ᠬᠠᠮᠲᠤ ᠡᠳ᠋ ᠪᠠᠷᠠᠭᠠᠨ ᠤ ᠭᠦᠢᠯᠭᠡᠭᠡ ᠢᠯᠠᠩᠭᠤᠶ᠎ᠠ | ᠭᠤᠣᠯᠳᠠᠯᠭ᠎ᠠ ᠲᠠᠢ ᠭᠠᠵᠠᠷ ᠣᠷᠣᠨ ᠤ ᠡᠳ᠋ ᠪᠠᠷᠠᠭᠠᠨ ᠤ ᠭᠦᠢᠯᠭᠡᠭᠡ ᠶᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠭᠤᠷᠪᠠ ᠳᠤ᠂ ᠡᠨᠧᠷᠭᠢ ᠶᠢᠨ ᠬᠡᠪ ᠤᠨ ᠬᠠᠩᠭᠠᠯᠭ᠎ᠠ ᠶᠢ ᠪᠠᠲᠤᠯᠠᠨ᠎ᠠ᠃ ᠡᠮᠦᠨᠡᠬᠢ | ᠬᠤᠭᠤᠴᠠᠭᠠᠨ ᠤ ᠲᠥᠪ ᠤᠨ ᠴᠠᠬᠢᠯᠭᠠᠨ ᠭᠠᠷᠭᠠᠬᠤ ᠠᠵᠤ ᠠᠬᠤᠶᠢᠯᠠᠯ ᠳᠤ ᠡᠭᠦᠰᠦᠮᠡᠯ ᠡᠨᠧᠷᠭᠢ ᠶᠢᠨ ᠰᠤᠷᠪᠤᠯᠵᠢ ᠶᠢᠨ ᠨᠥᠬᠦᠪᠦᠷᠢ ᠶᠢ 500 ᠳ᠋ᠦᠩᠰᠢᠭᠤᠷ | ᠲᠥᠭᠦᠷᠢᠭ ᠰᠠᠯᠭᠠᠨ ᠥᠭᠴᠦ᠂ ᠤᠯᠤᠰ ᠤᠨ ᠦᠮᠴᠢᠯᠡᠯᠲᠤ ᠬᠥᠷᠥᠩᠭᠡ ᠶᠢᠨ ᠡᠵᠡᠩᠨᠡᠯᠲᠡ ᠶᠢᠨ ᠲᠥᠰᠥᠪ ᠲᠤ 200 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠰᠠᠭᠤᠷᠢᠨ ᠳᠡᠭᠡᠷ᠎ᠡ᠂ ᠳᠠᠬᠢᠨ 500 ᠳ᠋ᠦᠩᠰᠢᠭᠤᠷ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ ᠰᠠᠯᠭᠠᠨ ᠥᠭᠴᠦ᠂ 100 ᠳ᠋ᠦᠩᠰᠢᠭᠤᠷ | ᠲᠥᠭᠦᠷᠢᠭ ᠤᠨ ᠪᠡᠯᠡ ᠣᠷᠤᠭᠤᠯᠤᠨ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠬᠦᠴᠢᠷᠳᠡᠯ ᠢᠶᠠᠨ ᠲᠠᠶᠢᠯᠬᠤ ᠪᠠ ᠢᠯᠡᠭᠦᠬᠡᠨ ᠴᠠᠬᠢᠯᠭᠠᠨ ᠭᠠᠷᠭᠠᠬᠤ ᠶᠢ | ᠳᠡᠮᠵᠢᠨ᠎ᠡ᠃ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠵᠣᠬᠢᠴᠠᠭᠤᠯᠭ᠎ᠠ ᠪᠠᠨ ᠴᠢᠩᠭᠠᠳᠬᠠᠨ᠂ ᠲᠡᠷᠢᠭᠦᠨ ᠤ ᠨᠡᠭᠦᠷᠡᠰᠦ ᠦᠢᠯᠡᠳᠪᠦᠷᠢᠯᠡᠬᠦ ᠴᠢᠳᠠᠮᠵᠢ ᠶᠢ ᠠᠮᠤᠷ | ᠲᠦᠪᠰᠢᠨ ᠡᠮᠬᠢ ᠳᠢᠭᠯᠢᠮ ᠲᠠᠢ ᠪᠠᠷ ᠪᠠᠳᠠᠷᠠᠭᠤᠯᠬᠤ ᠬᠡᠷᠡᠭᠲᠡᠢ᠃ ᠬᠠᠭᠠᠯᠲᠠ ᠶᠢ ᠬᠠᠭᠠᠵᠤ ᠴᠠᠬᠢᠯᠭᠠᠨ ᠢ ᠬᠢᠵᠠᠭᠠᠷᠯᠠᠬᠤ ᠦᠵᠡᠭᠳᠡᠯ ᠭᠠᠷᠬᠤ ᠶᠢ ᠤᠭᠳᠤ ᠵᠥᠪᠰᠢᠶᠡᠷᠡᠬᠦ | ᠦᠭᠡᠢ᠃ ᠳᠥᠷᠪᠡ ᠳᠤ᠂ ᠣᠳᠣᠬᠠᠨ ᠳᠤ ᠬᠦᠴᠢᠷᠳᠡᠯ ᠲᠠᠢ ᠪᠠᠶᠢᠭ᠎ᠠ ᠠᠵᠤ ᠠᠬᠤᠶᠢᠯᠠᠯ ᠪᠠ ᠠᠵᠢᠯᠲᠠᠨ ᠠᠵᠢᠯᠴᠢᠨ ᠳᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ᠡᠨᠡ ᠵᠢᠯ ᠤᠨ ᠰᠡᠭᠦᠯᠴᠢ ᠠᠴᠠ ᠡᠮᠦᠨ᠎ᠡ ᠠᠵᠤ ᠠᠬᠤᠶᠢᠯᠠᠯ | ᠭᠤᠶᠤᠴᠢᠯᠠᠭᠰᠠᠭᠠᠷ ᠳᠠᠷᠤᠢ ᠬᠤᠶᠢᠰᠢᠯᠠᠭᠤᠯᠤᠨ ᠲᠤᠰᠢᠶᠠᠵᠤ ᠪᠣᠯᠬᠤ ᠪᠣᠯᠭᠠᠪᠠ᠃ ᠡᠨᠡ ᠨᠢ ᠠᠵᠢᠯᠲᠠᠨ ᠠᠵᠢᠯᠴᠢᠨ ᠤ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠪᠠᠨ ᠬᠡᠪ ᠤᠨ ᠶᠣᠰᠣᠭᠠᠷ ᠭᠠᠷᠭᠠᠨ ᠠᠪᠬᠤ ᠪᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠶᠢ ᠨᠦᠯᠦᠭᠡᠯᠡᠬᠦ ᠦᠭᠡᠢ | ᠪᠠᠶᠢᠵᠤ᠂ ᠵᠢᠱᠢᠯᠲᠡ ᠪᠠᠷ ᠠᠵᠤ ᠠᠬᠤᠶᠢᠯᠠᠯ ᠤᠨ ᠳᠠᠷᠤᠭᠠᠰᠤ ᠶᠢ 900 ᠭᠠᠷᠤᠢ ᠳ᠋ᠦᠩᠰᠢᠭᠤᠷ ᠲᠥᠭᠦᠷᠢᠭ ᠬᠦᠩᠭᠡᠷᠡᠭᠦᠯᠵᠦ ᠴᠢᠳᠠᠨ᠎ᠠ᠃ ᠠᠵᠢᠯᠲᠠᠨ ᠠᠵᠢᠯᠴᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠨ ᠬᠡᠪ ᠤᠨ ᠶᠣᠰᠣᠭᠠᠷ ᠪᠤᠴᠠᠭᠠᠭᠰᠠᠨ ᠦᠭᠡᠢ ᠪᠠᠶᠢᠪᠠᠯ᠂ ᠬᠤᠭᠤᠴᠠᠭ᠎ᠠ ᠠᠴᠠ ᠬᠡᠲᠦᠷᠡᠭᠰᠡᠨ ᠢᠶᠠᠷ | ᠪᠣᠳᠤᠬᠤ ᠦᠭᠡᠢ᠃ ᠡᠯ᠎ᠡ ᠭᠠᠵᠠᠷ ᠤᠨ ᠬᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠭᠡᠷ ᠳᠦᠷᠢᠶᠡᠰᠦᠯᠡᠬᠦ ᠳᠤ ᠭᠠᠷᠭᠠᠨ ᠠᠪᠬᠤ ᠲᠤᠭ᠎ᠠ ᠬᠡᠮᠵᠢᠶ᠎ᠡ ᠶᠢ | ᠵᠦᠢ ᠵᠣᠬᠢᠰᠲᠠᠢ ᠪᠠᠷ ᠳᠡᠭᠡᠭᠰᠢᠯᠡᠭᠦᠯᠵᠦ ᠪᠣᠯᠤᠨ᠎ᠠ᠃ ᠲᠠᠪᠤ ᠳᠤ᠂ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ | ᠪᠣᠳᠣᠯᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠪᠠ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠬᠤ ᠠᠷᠭ᠎ᠠ ᠬᠡᠮᠵᠢᠶ᠎ᠡ ᠶᠢ ᠱᠠᠯᠠᠪᠳᠠᠨ ᠰᠤᠳᠤᠯᠵᠤ᠂ ᠣᠷᠣᠨ | ᠨᠤᠲᠤᠭ ᠢ ᠵᠢᠭᠠᠨ ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠰᠤ | ᠴᠠᠬᠢᠯᠭᠠᠨ ᠬᠡᠢ ᠵᠡᠷᠭᠡ ᠶᠢᠨ ᠵᠠᠷᠤᠳᠠᠯ ᠳᠤ ᠨᠥᠬᠦᠪᠦᠷᠢ ᠣᠯᠭᠤᠨ᠎ᠠ ᠭᠡᠵᠡᠢ᠃ | ᠬᠤᠷᠠᠯ ᠠᠴᠠ᠂ ᠰᠠᠭᠤᠷᠢ ᠲᠥᠬᠦᠭᠡᠷᠦᠮᠵᠢ ᠵᠡᠷᠭᠡ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠨᠢ ᠨᠡᠶᠢᠭᠡᠮ ᠤᠨ ᠪᠡᠯᠡ ᠣᠷᠣᠭᠤᠯᠤᠯᠲᠠ ᠶᠢᠨ | ᠠᠷᠭ᠎ᠠ ᠵᠠᠮ ᠢ ᠥᠷᠭᠡᠳᠬᠡᠬᠦ ᠪᠠ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ | ᠪᠠᠭᠠᠰᠬᠠᠬᠤ ᠳᠤ ᠠᠰᠢᠭᠲᠠᠢ ᠶᠤᠮ᠃ ᠨᠢᠭᠡ ᠳᠤ᠂ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ | ᠵᠡᠷᠭᠡ ᠶᠢ ᠲᠠᠷᠬᠠᠭᠠᠬᠤ ᠪᠠᠷ ᠳᠠᠮᠵᠢᠭᠤᠯᠤᠨ ᠴᠢᠯᠦᠭᠡᠲᠡᠢ ᠭᠦᠢᠯᠭᠡᠭᠡᠬᠦ ᠶᠢ ᠵᠣᠷᠢᠭᠵᠢᠭᠤᠯᠤᠨ᠎ᠠ᠃ ᠣᠷᠣᠨ ᠨᠤᠲᠤᠭ ᠢ ᠵᠢᠭᠠᠨ ᠵᠢᠯᠤᠭᠤᠳᠴᠤ ᠪᠠᠶᠢᠭᠠᠳ ᠲᠠᠲᠠᠬᠤ | ᠬᠦᠴᠦᠨ ᠲᠠᠢ ᠲᠦᠷᠦᠯ ᠵᠦᠢᠯ ᠢᠶᠠᠷ ᠵᠢᠱᠢᠶ᠎ᠡ ᠦᠵᠡᠭᠦᠯᠵᠦ᠂ ᠪᠡᠯᠡ ᠣᠷᠣᠭᠤᠯᠤᠯᠲᠠ ᠳᠤ ᠣᠷᠣᠯᠴᠠᠭᠰᠠᠨ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ | ᠴᠣᠭᠴᠠ ᠳᠤ ᠨᠢᠭᠡ ᠯᠡ ᠠᠳᠠᠯᠢ ᠪᠠᠷ ᠬᠠᠨᠳᠤᠨ᠎ᠠ᠃ ᠬᠤᠶᠠᠷ ᠲᠤ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦᠯ | ᠵᠦᠢᠯ ᠤᠨ ᠠᠰᠢᠭ ᠣᠷᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠭᠡᠭᠦᠯᠦᠨ ᠬᠤᠷᠢᠶᠠᠭᠰᠠᠨ ᠪᠡᠯᠡ ᠮᠥᠩᠭᠦ ᠪᠠᠷ ᠰᠢᠨ᠎ᠡ ᠲᠥᠷᠥᠯ ᠵᠦᠢᠯ ᠳᠤ | ᠪᠡᠯᠡ ᠣᠷᠤᠭᠤᠯᠵᠤ᠂ ᠲᠤᠰᠬᠠᠢ ᠵᠦᠢᠯ ᠤᠨ ᠥᠷᠢ ᠥᠭᠴᠡᠭᠡ ᠳᠤ ᠳᠡᠮᠵᠢᠯᠭᠡ ᠦᠵᠡᠭᠦᠯᠵᠦ ᠪᠣᠯᠣᠨ᠎ᠠ᠃ ᠭᠤᠷᠪᠠ ᠳᠤ᠂ ᠵᠠᠬ᠎ᠠ ᠳᠡᠯᠭᠡᠭᠦᠷᠴᠢᠯᠡᠬᠦ ᠪᠠ ᠬᠠᠤᠯᠢ ᠪᠠᠷ | ᠵᠠᠰᠠᠬᠤ ᠵᠠᠷᠴᠢᠮ ᠢ ᠪᠠᠷᠢᠮᠲᠠᠯᠠᠵᠤ᠂ ᠠᠷᠠᠯᠵᠢᠶᠠᠨ ᠤ ᠦᠨ᠎ᠡ ᠬᠠᠩᠰᠢ ᠶᠢ ᠢᠯᠡ ᠲᠣᠳᠣ ᠲᠣᠭᠲᠠᠭᠠᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠯᠠᠪᠳᠠᠭᠤᠨ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠤᠯᠠᠨ ᠨᠡᠶᠢᠲᠡ ᠶᠢᠨ ᠠᠰᠢᠭ ᠲᠤᠰᠠ ᠶᠢ ᠪᠠᠲᠤᠯᠠᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠣᠯ ᠠᠮᠢᠳᠤᠷᠠᠯ ᠨᠢ ᠬᠦᠴᠢᠷᠳᠡᠯ ᠲᠠᠢ ᠭᠡᠷ ᠪᠦᠯᠢ ᠶᠢᠨ | ᠰᠤᠷᠤᠭᠴᠢᠳ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠭᠥᠷᠳᠡᠬᠦ ᠶᠢ ᠪᠠᠲᠤᠯᠠᠬᠤ ᠨᠢᠭᠡ ᠵᠦᠢᠯ ᠤᠨ ᠴᠢᠬᠤᠯᠠ ᠳᠦᠷᠢᠮ ᠮᠥᠨ ᠭᠡᠵᠡᠢ᠃ | ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠤᠭ᠎ᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠂ ᠲᠡᠳᠡᠨ ᠤ ᠳᠠᠷᠤᠭᠠᠰᠤ ᠶᠢ ᠬᠥᠩᠭᠡᠯᠡᠬᠦ ᠪᠠ | ᠠᠵᠢᠯ ᠣᠯᠬᠤ ᠶᠢ ᠬᠠᠪᠰᠤᠷᠤᠨ ᠲᠡᠳᠬᠦᠬᠦ ᠶᠢᠨ ᠲᠤᠰᠠᠳᠠ᠂ ᠬᠤᠷᠠᠯ ᠠᠴᠠ᠂ ᠡᠨᠡ ᠵᠢᠯ ᠵᠢᠴᠢ ᠡᠮᠦᠨᠡᠬᠢ ᠵᠢᠯ ᠤᠳ ᠤᠨ ᠲᠡᠭᠦᠰᠦᠭᠰᠡᠳ ᠤᠨ ᠡᠨᠡ ᠵᠢᠯ ᠤᠨ ᠲᠦᠯᠦᠬᠦ | ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠵᠦ᠂ ᠬᠦᠦ ᠮᠥᠩᠭᠦ ᠶᠢ ᠨᠢ ᠬᠡᠯᠲᠦᠷᠢᠭᠦᠯᠬᠦ ᠪᠡᠯᠡ | ᠮᠥᠩᠭᠦ ᠶᠢ ᠤᠯᠤᠰ ᠤᠨ ᠡᠳ᠋ ᠤᠨ ᠵᠠᠰᠠᠭ ᠠᠴᠠ ᠡᠭᠦᠷᠭᠡᠯᠡᠨ᠎ᠡ︔ ᠡᠬᠡ ᠮᠥᠩᠭᠦ ᠶᠢ ᠨᠢᠭᠡ ᠵᠢᠯ ᠬᠤᠶᠢᠰᠢᠯᠠᠭᠤᠯᠤᠨ ᠲᠥᠯᠥᠬᠦ ᠪᠠᠷ ᠭᠤᠶᠤᠴᠢᠯᠠᠵᠤ ᠪᠣᠯᠣᠨ᠎ᠠ᠂ ᠳᠠᠪᠬᠤᠷ | ᠬᠦᠦ ᠮᠥᠩᠭᠦ ᠪᠣᠳᠣᠬᠤ ᠦᠭᠡᠢ᠃ ᠲᠡᠭᠦᠰᠬᠦ ᠰᠤᠷᠤᠭᠴᠢᠳ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠡᠨᠡ ᠵᠢᠯ ᠵᠢᠭᠡᠯᠡᠯᠭᠡ ᠪᠠᠨ ᠴᠠᠭ ᠲᠤᠬᠠᠢ ᠳᠤ ᠨᠢ | ᠪᠤᠴᠠᠭᠠᠭᠰᠠᠨ ᠦᠭᠡᠢ ᠴᠤ ᠢᠲᠡᠭᠡᠮᠵᠢ ᠶᠢ ᠨᠢ ᠨᠥᠯᠥᠭᠡᠯᠡᠬᠦ ᠦᠭᠡᠢ᠃ ᠵᠢᠱᠢᠯᠲᠡ ᠪᠠᠷ 20 ᠭᠠᠷᠤᠢ ᠳ᠋ᠦᠩᠰᠢᠭᠤᠷ ᠲᠥᠭᠦᠷᠢᠭ ᠤᠨ ᠬᠦᠦ ᠮᠥᠩᠭᠦ ᠶᠢ ᠬᠡᠯᠲᠦᠷᠢᠭᠦᠯᠵᠦ | ᠂ 50 ᠭᠠᠷᠤᠢ ᠳ᠋ᠦᠩᠰᠢᠭᠤᠷ ᠲᠥᠭᠦᠷᠢᠭ ᠡᠬᠡ ᠮᠥᠩᠭᠦ ᠶᠢᠨ ᠪᠤᠴᠠᠭᠠᠬᠤ ᠬᠤᠭᠤᠴᠠᠭ᠎ᠠ ᠶᠢ ᠤᠷᠲᠤᠳᠬᠠᠵᠤ᠂ 400 ᠭᠠᠷᠤᠢ ᠲᠦᠮᠡᠨ ᠲᠡᠭᠦᠰᠬᠦ ᠰᠤᠷᠤᠭᠴᠢᠳ ᠲᠤ | ᠠᠰᠢᠭ ᠲᠤᠰᠠ ᠬᠦᠷᠲᠡᠭᠡᠬᠦ ᠪᠣᠯᠤᠨ᠎ᠠ᠃ ᠡᠯ᠎ᠡ ᠶᠡᠭᠡ ᠳᠡᠭᠡᠳᠦ ᠰᠤᠷᠭᠠᠭᠤᠯᠢ ᠪᠣᠯᠣᠨ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠠᠵᠢᠯ ᠤᠨ | ᠵᠣᠯᠭᠠᠯᠴᠠᠭ᠎ᠠ ᠪᠠᠨ ᠴᠢᠩᠭᠠᠳᠬᠠᠵᠤ᠂ ᠣᠨᠴᠠᠭᠠᠢ ᠶᠠᠪᠤᠳᠠᠯ ᠢ ᠣᠨᠴᠠᠭᠠᠢ ᠭᠦᠢᠴᠡᠳᠬᠡᠨ ᠲᠦᠷᠦ ᠶᠢᠨ ᠪᠣᠳᠣᠯᠭ᠎ᠠ ᠶᠢᠨ ᠡᠳ᠋ᠯᠡᠪᠡᠰᠦ ᠵᠣᠬᠢᠬᠤ ᠶᠢ ᠨᠢ ᠠᠯᠢ | ᠲᠦᠷᠭᠡᠨ ᠢᠶᠠᠷ ᠡᠳ᠋ᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ | |