ᠤᠷᠠᠳ ᠤᠨ ᠬᠤᠶᠢᠲᠤ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠰᠢᠯᠭᠠᠬᠤ ᠡᠲᠡᠭᠡᠳ ᠢ ᠪᠠᠭᠲᠠᠭᠠᠨ᠎ᠠ︶ ᠪᠠ ᠬᠤᠲᠠ ᠪᠠᠯᠭᠠᠰᠤᠨ ᠤ ᠠᠵᠢᠯ ᠤᠯᠬᠤ ᠳᠤ ᠬᠦᠴᠢᠷᠲᠡᠶ ᠬᠥᠮᠦᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2022/5/17
        ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠰᠢᠯᠭᠠᠬᠤ ᠡᠲᠡᠭᠡᠳ ᠪᠠᠭᠲᠠᠨ᠎ᠠ︶ ᠪᠣᠯᠤᠨ ᠬᠤᠲᠠ ᠪᠠᠯᠭᠠᠰᠤᠨ ᠤ ᠠᠵᠢᠯ ᠤᠯᠬᠤ ᠳᠤ ᠬᠦᠴᠢᠷᠲᠡᠶ ᠬᠥᠮᠦᠰ ᠲᠤ ᠠᠵᠢᠯ ᠣᠯᠭᠤᠬᠤ ᠶᠢ ᠤᠯᠠᠮ ᠨᠢᠭᠡ ᠠᠯᠬᠤᠮ ᠠᠬᠢᠭᠤᠯᠵᠤ᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠬᠡᠮ ᠠᠯᠪᠠᠨ ᠲᠠᠷᠬᠠᠭᠠᠭᠰᠠᠨ 〔 2020 〕 50 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ︵ᠥᠪᠥᠷ ᠬᠥᠮᠦᠨ ᠨᠡᠶᠢᠬᠡᠮ ᠠᠯᠪᠠᠨ ᠲᠠᠷᠬᠠᠭᠠᠭᠰᠠᠨ 〔 2020 〕58 ᠳ᠋ᠤᠭᠠᠷ ᠲᠣᠭᠠᠲᠤ︶ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠪᠡᠯ᠂ ᠪᠥᠬᠦ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠡᠯᠰᠡᠯᠲᠡ ᠶᠢᠨ ᠪᠠᠶᠢᠳᠠᠯ ᠲᠠᠢ ᠤᠶᠠᠯᠳᠤᠭᠤᠯᠤᠨ᠂ ︽ᠢᠯᠡ᠂ ᠡᠷᠬᠡ ᠲᠡᠭᠰᠢ᠂ ᠲᠥᠪ ᠭᠤᠤᠯᠴᠢ︾ ᠪᠠᠶᠢᠬᠤ ᠵᠠᠷᠴᠢᠮ ᠶᠣᠰᠣᠭᠠᠷ᠂ ᠣᠲᠣ ᠨᠡᠶᠢᠭᠡᠮ ᠠᠴᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠰᠢᠯᠭᠠᠬᠤ ᠡᠲᠡᠭᠡᠳ ᠪᠠᠭᠲᠠᠨ᠎ᠠ ︶ ᠪᠣᠯᠤᠨ ᠬᠤᠲᠠ ᠪᠠᠯᠭᠠᠰᠤᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠢᠯᠡ ᠪᠠᠷ ᠡᠯᠰᠡᠵᠦ᠂ ᠡᠯᠰᠡᠯᠲᠡ ᠶᠢᠨ ᠬᠠᠮᠢᠶ᠎ᠠ ᠪᠥᠬᠦᠶ  ᠵᠦᠢᠯᠡᠰ ᠢ ᠳᠣᠤᠷᠠᠬᠢ ᠮᠡᠲᠦ ᠵᠡᠷᠯᠠᠪᠠ᠄                   ᠨᠢᠭᠡ᠂ ᠠᠵᠢᠯ ᠤᠨ ᠪᠠᠶᠢᠷᠢ ᠶᠢᠨ ᠰᠢᠨᠵᠢ ᠴᠢᠨᠠᠷ ᠪᠠ ᠡᠯᠰᠡᠭᠳᠠᠬᠦ ᠡᠲᠡᠭᠡᠳ             ︵ᠨᠢᠭᠡ︶ ᠠᠵᠢᠯ ᠤᠨ ᠪᠠᠶᠢᠷᠢ ᠶᠢᠨ ᠰᠢᠨᠵᠢ ᠴᠢᠨᠠᠷ               ᠲᠣᠰ ᠤᠳᠠᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠭᠤᠤᠯᠳᠠᠭᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠠᠯᠪᠠᠨ ᠪᠠᠶᠢᠭᠤᠯᠤᠯᠭ᠎ᠠ ᠠᠵᠢᠯ  ᠦᠢᠯᠡᠰ ᠤᠨ ᠨᠢᠭᠡᠴᠡ ᠶᠢᠨ ᠠᠷᠤ ᠲᠠᠯ᠎ᠠ ᠶᠢᠨ  ᠦᠢᠯᠡᠴᠢᠯᠡᠬᠡᠨ ᠤ ᠪᠠᠲᠤᠯᠠᠭ᠎ᠠ ᠪᠠ ᠣᠯᠠᠨ ᠨᠡᠶᠢᠲᠡ ᠶᠢᠨ  ᠦᠢᠯᠡᠴᠢᠯᠡᠬᠡᠨ ᠤ ᠠᠵᠢᠯ ᠤᠨ ᠪᠠᠶᠢᠷᠢ ᠵᠡᠷᠭᠡ ᠲᠦᠷ ᠴᠠᠭ ᠤᠨ ᠴᠢᠨᠠᠷᠲᠠᠶ᠂ ᠲᠤᠰᠠᠯᠠᠬᠤ ᠴᠢᠨᠠᠷᠲᠠᠶ ᠠᠵᠢᠯ ᠤᠨ ᠪᠠᠶᠢᠷᠢ ᠶᠢ ᠡᠯᠰᠡᠬᠦ ᠪᠠᠷ ᠲᠥᠯᠥᠪᠯᠡᠵᠦ ᠪᠣᠶ᠃              ︵ᠬᠤᠶᠠᠷ︶   ᠡᠯᠰᠠᠬᠦ ᠨᠥᠬᠦᠴᠡᠯ ᠪᠠ ᠡᠯᠰᠡᠭᠳᠠᠬᠦ ᠡᠲᠡᠭᠡᠳ           ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠦᠰ ᠤᠨ ᠳᠣᠲᠣᠷᠠᠬᠢ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷ᠎ᠠ᠂ ᠬᠥᠳᠡᠯᠮᠦᠷᠢᠯᠡᠬᠦ ᠴᠢᠳᠠᠪᠤᠷᠢ ᠲᠠᠢ ᠮᠥᠷᠲᠡᠭᠡᠨ ᠠᠵᠢᠯ ᠤᠯᠬᠤ ᠬᠦᠰᠡᠯ ᠲᠠᠢ ᠪᠥᠭᠡᠳ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠳᠣᠤᠷᠠᠬᠢ 7 ᠲᠥᠷᠥᠯ ᠤᠨ ᠬᠥᠮᠦᠰ᠄        1᠂  ᠨᠠᠰᠤ ᠠᠬᠢᠬᠰᠠᠨ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠠᠭᠠᠨ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠰᠠᠭᠤᠭᠰᠠᠨ ᠪᠥᠭᠡᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠠᠳ 1 ᠵᠢᠯ ᠠᠴᠠ ᠳᠡᠭᠡᠭᠰᠢ ᠪᠣᠯᠤᠭᠰᠠᠨ ᠡᠮᠡᠭᠲᠡᠶ ᠪᠦᠬᠦᠯᠢ 40 ᠨᠠᠰᠤ ᠬᠦᠷᠦᠭᠰᠡᠨ᠂ ᠡᠷᠡᠭᠲᠡᠶ ᠪᠦᠬᠦᠯᠢ 50 ᠨᠠᠰᠤ ᠬᠦᠷᠦᠭᠰᠡᠨ ᠵᠢᠴᠢ ᠲᠡᠭᠦᠨ ᠠᠴᠠ ᠳᠡᠭᠡᠭᠰᠢ ᠠᠵᠢᠯ ᠠᠯᠳᠠᠭᠰᠠᠨ ᠬᠥᠮᠦᠰ ᠢ ᠵᠢᠭᠠᠵᠤ ᠪᠣᠶ︔            2 ᠂  ᠵᠡᠮᠳᠡᠭ ᠬᠥᠮᠦᠰ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠲᠠᠢ ᠵᠡᠮᠳᠡᠭᠴᠦᠳ ᠢ ᠵᠢᠭᠠᠵᠤ ᠪᠣᠶ︔          3᠂  ᠮᠡᠳᠡᠭᠦᠯᠵᠦ ᠨᠤᠲᠠᠯᠠᠭᠤᠯᠤᠭᠰᠠᠨ ᠬᠤᠲᠠ ᠪᠠᠯᠭᠠᠰᠤ ᠶᠢᠨ ᠨᠢᠭᠡ ᠴᠦ ᠠᠵᠢᠯ ᠣᠯᠤᠭᠰᠠᠨ ᠥᠭᠡᠢ ᠭᠡᠷ ᠪᠦᠯᠢ ᠶᠢᠨ ᠪᠦᠷᠢᠯᠳᠦᠬᠦᠨ ᡾          4᠂  ᠭᠠᠵᠠᠷ ᠰᠢᠷᠣᠶ ᠪᠠᠨ ᠠᠯᠳᠠᠭᠰᠠᠨ ᠮᠠᠯᠴᠢᠨ ᠲᠠᠷᠢᠶᠠᠴᠢᠨ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠨᠢᠭᠡᠳᠦᠯᠲᠡᠶ ᠭᠠᠵᠠᠷ ᠲᠠᠲᠠᠪᠤᠷᠢᠯᠠᠬᠤ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠤᠯ ᠤᠨ ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠨᠤᠲᠤᠭ ᠪᠡᠯᠴᠢᠭᠡᠷ ᠢᠶᠠᠨ ᠪᠦᠷᠢᠮᠦᠰᠦᠨ ᠠᠯᠳᠠᠭᠰᠠᠨ᠂ ᠡᠮᠡᠭᠲᠡᠶ ᠪᠦᠬᠦᠯᠢ 40 ᠨᠠᠰᠤ ᠬᠦᠷᠦᠭᠰᠡᠨ᠂ ᠡᠷᠡᠭᠲᠡᠶ ᠪᠦᠬᠦᠯᠢ 50 ᠨᠠᠰᠤ ᠵᠢᠴᠢ ᠲᠡᠭᠦᠨ ᠠᠴᠠ ᠳᠡᠭᠡᠭᠰᠢᠬᠢ ᠮᠠᠯᠴᠢᠨ ᠲᠠᠷᠢᠶᠠᠴᠢᠨ ᠢ ᠵᠢᠭᠠᠵᠤ ᠪᠣᠶ᠃ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ  ᠨᠦᠬᠦᠪᠤᠷᠢ ᠮᠦᠩᠬᠦ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠶ ᠶᠢᠨ ᠭᠠᠵᠠᠷ ᠤᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠠᠶᠢᠬᠤ ᠬᠥᠮᠦᠰ   ᠲᠤᠰ ᠲᠦᠷᠤᠯ ᠳᠤ ᠪᠠᠭᠳᠠᠭᠠᠬᠤ ᠦᠭᠡᠢ᠃       5᠂ ᠤᠷᠳᠤ ᠬᠤᠭᠤᠴᠠᠭ᠎ᠠ ᠪᠠᠷ ᠠᠵᠢᠯ ᠠᠯᠳᠠᠭᠰᠠᠳ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠭᠥᠷᠳᠡᠵᠦ ᠪᠠᠶᠢᠭ᠎ᠠ ᠮᠥᠷᠲᠡᠭᠡᠨ ᠵᠠᠯᠭᠠᠭ᠎ᠠ ᠪᠠᠷ 1 ᠵᠢᠯ ᠠᠴᠠ ᠳᠡᠭᠡᠭᠰᠢ ᠠᠵᠢᠯ ᠠᠯᠳᠠᠭᠰᠠᠨ ᠢᠶᠠᠷ ᠳᠠᠩᠰᠠᠯᠠᠭᠤᠯᠤᠭᠠᠳ ᠪᠦᠬᠦᠯᠢ 35 ᠨᠠᠰᠤ ᠬᠦᠷᠦᠭᠰᠡᠨ ᠡᠮᠡᠭᠲᠡᠶ᠂ ᠪᠦᠬᠦᠯᠢ 45 ᠨᠠᠰᠤ ᠬᠦᠷᠦᠭᠰᠡᠨ ᠡᠷᠡᠭᠳᠠᠶᠢᠴᠤᠳ︔        6᠂ ᠠᠵᠢᠯ ᠤᠯᠬᠤ ᠳᠤ ᠬᠦᠴᠢᠷᠲᠡᠶ ᠳᠡᠭᠡᠳᠦ ᠰᠤᠷᠭᠠᠭᠤᠯᠢ ᠲᠡᠭᠦᠰᠦᠭᠰᠡᠳ᠃ ᠰᠤᠷᠭᠠᠭᠤᠯᠢ ᠠᠴᠠ ᠪᠠᠨ ᠰᠠᠯᠤᠭᠠᠳ 2 ᠵᠢᠯ ᠪᠤᠶᠤ 2 ᠵᠢᠯ ᠠᠴᠠ ᠳᠡᠭᠡᠭᠰᠢ ᠠᠵᠢᠯ ᠣᠯᠤᠭ᠎ᠠ ᠥᠬᠡᠶ ᠳᠡᠭᠡᠳᠦ ᠰᠤᠷᠭᠠᠭᠤᠯᠢ ᠠᠴᠠ ᠲᠡᠭᠦᠰᠦᠭᠰᠡᠳ ︵ᠳᠡᠭᠡᠳᠦ ᠰᠤᠷᠭᠠᠭᠤᠯᠢ ᠠᠴᠠ ᠲᠡᠭᠦᠰᠦᠭᠰᠡᠳ ᠭᠤᠤᠯᠳᠠᠭᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠣᠷᠣᠭᠴᠢ ᠶᠢ ᠵᠢᠭᠠᠨ᠎ᠠ︶︔       7. ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠰᠢᠯᠭᠠᠬᠤ ᠡᠲᠡᠭᠡᠳ ᠪᠠᠭᠲᠠᠨ᠎ᠠ︶᠃ ᠡᠷᠡᠭᠲᠡᠶ 16 — 60 ᠪᠦᠬᠦᠯᠢ ᠨᠠᠰᠤ᠂ ᠡᠮᠡᠭᠲᠡᠶ 16 — 55 ᠪᠦᠬᠦᠯᠢ ᠨᠠᠰᠤ ᠪᠥᠭᠡᠳ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠰᠢᠯᠭᠠᠬᠤ ᠡᠲᠡᠭᠡᠳ ᠪᠠᠭᠲᠠᠨ᠎ᠠ ︶᠃             ᠲᠠᠶᠢᠯᠪᠤᠷᠢ᠄ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠡᠯᠰᠡᠨ ᠠᠪᠬᠤ ᠬᠡᠪᠴᠢᠶᠡᠨ ᠳᠤ ᠪᠠᠭᠲᠠᠬᠤ ᠦᠭᠡᠢ᠄           ︵1︶ ᠬᠤᠪᠢ ᠶᠢᠨ ᠡᠵᠡᠩᠨᠡᠯᠲᠡ ᠶᠢᠨ ᠦᠨᠡᠮᠯᠡᠯ ᠲᠠᠢ ᠪᠠᠶᠢᠬᠤ︔           ︵2︶ ᠠᠵᠢᠯ ᠣᠯᠭᠤᠯᠲᠠ ᠶᠢᠨ ᠨᠥᠬᠦᠪᠥᠷᠢ ᠶᠢᠨ ᠪᠤᠰᠤᠳ ᠲᠦᠷᠦ ᠶᠢᠨ ᠪᠤᠳᠤᠯᠭ᠎ᠠ ᠶᠢ ᠶᠠᠭ ᠬᠦᠷᠲᠡᠵᠦ ᠪᠠᠶᠢᠬᠤ︔           ︵3︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠶᠢ ᠨᠢᠭᠡᠨᠲᠡ ᠬᠦᠷᠳᠡᠵᠤ᠂ ᠠᠵᠢᠯ ᠤᠨ ᠪᠠᠶᠢᠷᠢ ᠶᠢᠨ ᠨᠥᠬᠦᠪᠥᠷᠢ ᠶᠢᠨ ᠬᠤᠭᠤᠴᠠᠭ᠎ᠠ ᠨᠢ  ᠲᠤᠯᠤᠬᠰᠠᠨ︔           ︵4︶ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢ ᠨᠢᠭᠡᠨᠲᠡ ᠬᠦᠷᠳᠡᠭᠰᠡᠳ︔           ︵5︶ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠶᠠᠭ  ᠬᠦᠷᠳᠡᠵᠤ ᠪᠠᠶᠢᠭ᠎ᠠ ᠡᠳᠡᠬᠡᠳ︔           ︵6︶ ᠬᠤᠳᠠᠯ ᠬᠠᠭᠤᠷᠮᠠᠭ ᠭᠤᠶᠤᠴᠢᠯᠠᠯ ᠤᠨ ᠮᠠᠲ᠋ᠧᠷᠢᠶᠠᠯ ᠬᠠᠩᠭᠠᠭᠰᠠᠨ︔           ︵7︶ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠬᠦ ᠦᠭᠡᠢ ᠪᠤᠰᠤᠳ ᠪᠠᠶᠢᠳᠠᠯ᠃                 ᠬᠤᠶᠠᠷ᠂ ᠠᠵᠢᠯ ᠤᠨ ᠪᠠᠶᠢᠷᠢ ᠶᠢᠨ ᠣᠯᠭᠤᠮᠵᠢ                 ᠪᠦᠬᠦᠯᠢ ᠡᠳᠦᠷ ᠤᠨ ᠳᠦᠷᠢᠮᠲᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠶᠢ ᠲᠣᠰ ᠭᠠᠵᠠᠷ ᠣᠷᠣᠨ ᠤ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠪᠦᠬᠦᠯᠢ ᠡᠳᠦᠷ ᠤᠨ ᠳᠦᠷᠢᠮᠲᠦ ᠪᠤᠰᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠶᠢ ᠲᠣᠰ ᠭᠠᠵᠠᠷ ᠣᠷᠣᠨ ᠤ ᠨᠠᠭᠠᠳᠤ ᠵᠠᠬ᠎ᠠ ᠶᠢᠨ  ᠴᠠᠯᠢᠩ ᠤᠨ ᠪᠡᠷᠢᠮᠵᠢᠶ᠎ᠠ ᠶᠢᠨ50 % ᠪᠠᠷ ᠳ᠋ᠦᠩᠨᠡᠨ ᠪᠤᠳᠤᠨ᠎ᠠ᠃              ᠭᠤᠷᠪᠠ᠂ ᠨᠡᠷ᠎ᠡ ᠮᠡᠳᠡᠭᠦᠯᠬᠦ ᠴᠠᠭ᠂ ᠭᠠᠵᠠᠷ               ᠨᠡᠷ᠎ᠡ ᠮᠡᠳᠡᠭᠦᠯᠬᠦ ᠴᠠᠭ᠄ 2022 ᠣᠨ ᠤ 5 ᠰᠠᠷ᠎ᠠ ᠶᠢᠨ 16 ᠤ ᠡᠳᠦᠷ ᠠᠴᠠ 2022 ᠣᠨ ᠤ 5 ᠰᠠᠷ᠎ᠠ ᠶᠢᠨ 20 ᠤ ᠡᠳᠦᠷ ᠪᠣᠯᠲᠠᠯ᠎ᠠ         ᠨᠡᠷ᠎ᠡ ᠮᠡᠳᠡᠭᠦᠯᠬᠦ ᠭᠠᠵᠠᠷ᠄ ᠡᠯ᠎ᠡ ᠰᠤᠮᠤ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ         ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠢᠶᠠᠨ ᠠᠪᠴᠤ ᠰᠠᠭᠤᠭ᠎ᠠ ᠭᠠᠵᠠᠷ ᠤᠨ ᠰᠤᠮᠤ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠲᠤ ᠬᠦᠷᠴᠦ ᠳᠠᠩᠰᠠᠯᠠᠭᠤᠯᠬᠤ ᠬᠡᠷᠡᠭᠲᠡᠶ᠃        1. ᠶᠠᠳᠠᠭᠤ ᠠᠴᠠ ᠠᠩᠭᠢᠵᠢᠷᠠᠭᠤᠯᠬᠤ ᠳᠤ ᠨᠡᠶᠢᠴᠡᠬᠦ ᠬᠥᠮᠦᠨ ᠠᠮᠠ ︵ᠬᠢᠨᠠᠨ ᠰᠢᠯᠭᠠᠬᠤ ᠡᠲᠡᠭᠡᠳ ᠪᠠᠭᠲᠠᠨ᠎ᠠ︶ ᠨᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠤᠮᠤ ᠪᠠᠯᠭᠠᠰᠤ ᠶᠢᠨ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠲᠤ ᠭᠤᠶᠤᠴᠢᠯᠠᠯ ᠢᠶᠠᠨ ᠳᠤᠷᠠᠳᠤᠨ᠎ᠠ᠃         2. ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠲᠡᠶ ᠬᠥᠮᠦᠰ ᠤᠨ ᠨᠥᠬᠦᠴᠡᠯ ᠳᠤ ᠨᠡᠶᠢᠴᠡᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠦᠨᠡᠮᠰᠢᠭᠦᠯᠬᠦ ᠪᠠᠷ ᠭᠤᠶᠤᠴᠢᠯᠠᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ︾ ᠶᠢ ᠲᠠᠭᠯᠠᠨ ᠪᠢᠴᠢᠬᠦ ᠶᠢᠨ ᠬᠠᠮᠲᠤ ᠰᠤᠮᠤ ᠪᠠᠯᠭᠠᠰᠤ ᠶᠢᠨ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠠᠴᠠ ᠠᠵᠢᠯ ᠤᠯᠬᠤ ᠳᠤ ᠬᠦᠴᠢᠷᠲᠡᠶ ᠬᠥᠮᠦᠰ ᠢ ᠭᠤᠶᠤᠴᠢᠯᠠᠨ᠎ᠠ᠃ ᠮᠠᠭᠠᠳᠯᠠᠨ ᠲᠣᠭᠲᠠᠭᠠᠭᠰᠠᠨ ᠠᠵᠢᠯ ᠤᠯᠬᠤ ᠳᠤ ᠬᠦᠴᠢᠷᠲᠡᠶ ᠬᠥᠮᠦᠰ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠲᠥᠪᠬᠢᠨᠡᠭᠦᠯᠬᠦ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ᠂ ᠬᠢᠨᠠᠨ ᠬᠠᠷᠭᠤᠭᠤᠯᠤᠭᠰᠠᠨ ᠤ ᠲᠠᠷᠠᠭ᠎ᠠ ᠨᠢᠭᠡᠳᠦᠯᠲᠡᠶ ᠲᠥᠪᠬᠢᠨᠡᠭᠦᠯᠦᠨ᠎ᠡ᠃                   ᠳᠥᠷᠪᠡ᠂ ᠬᠢᠷᠢ ᠬᠡᠮ ᠢ ᠬᠢᠨᠠᠨ ᠪᠠᠶᠢᠴᠠᠭᠠᠬᠤ ᠪᠠ ᠢᠯᠡ ᠨᠡᠶᠢᠲᠡᠯᠡᠬᠦ                   ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠨᠡᠷ᠎ᠡ ᠮᠡᠳᠡᠭᠦᠯᠦᠭᠰᠡᠳ ᠤᠨ ᠠᠵᠤ  ᠦᠢᠯᠡᠳᠪᠤᠷᠢ ᠬᠤᠳᠠᠯᠳᠤᠭᠠᠨ ᠤ ᠳᠡᠩᠰᠡᠯᠡᠯᠲᠡ ᠶᠢᠨ ᠮᠡᠳᠡᠭᠡ ᠵᠠᠩᠭᠢ ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢ᠂ ᠠᠵᠢᠯ ᠣᠯᠵᠤ ᠠᠵᠢᠯ ᠠᠯᠳᠠᠭᠰᠠᠨ ᠪᠠᠶᠢᠳᠠᠯ᠂ ᠬᠡᠷ ᠪᠦᠯᠢ ᠶᠢᠨ ᠪᠦᠷᠢᠯᠳᠦᠬᠦᠨ ᠵᠡᠷᠭᠡ ᠳᠤ ᠨᠢᠭᠡᠳᠦᠯᠲᠡᠶ ᠬᠢᠨᠠᠨ ᠪᠠᠶᠢᠴᠠᠭᠠᠯᠲᠠ ᠬᠢᠨ᠎ᠠ᠃ ᠬᠢᠨᠠᠨ ᠪᠠᠶᠢᠴᠠᠭᠠᠭᠠᠳ ᠣᠨᠳᠣᠤ ᠰᠠᠨᠠᠯ ᠥᠬᠡᠶ ᠪᠣᠯ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠡᠳᠦᠷ ᠪᠣᠯᠤᠨ᠎ᠠ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠰᠢᠯᠭᠠᠬᠤ ᠡᠲᠡᠭᠡᠳ ᠪᠠᠭᠲᠠᠨ᠎ᠠ︶ ᠶᠢ ᠭᠠᠴᠠᠭ᠎ᠠ ᠲᠣᠰᠬᠤᠨ ᠪᠠ ᠰᠤᠮᠤ ᠪᠠᠯᠭᠠᠰᠤᠨ ᠳᠤ ᠢᠯᠡ ᠨᠡᠶᠢᠲᠡᠯᠡᠬᠦ ᠬᠡᠷᠡᠭᠲᠡᠶ᠃          ᠯᠠᠪᠯᠠᠬᠤ ᠤᠲᠠᠰᠤ᠄ 0478 — 4665394                       ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ                                2022 ᠣᠨ ᠤ 5 ᠰᠠᠷ᠎ᠠ ᠶᠢᠨ 16
ᠢᠷᠡᠯᠲᠡ᠄ ᠲᠤᠰ ᠰᠦᠯᠵᠢᠶ᠎ᠠ