ᠤᠷᠠᠳ ᠤᠨ ᠬᠤᠶᠢᠳᠤ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠥᠬᠦ ᠬᠤᠲᠠ ᠶᠢᠨ《 ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》 ᠠᠵᠢᠯ ᠤᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ
  
2022/5/19
           ᠣᠶᠢᠷ᠎ᠠ ᠳᠤ᠂ ᠪᠠᠶᠠᠨᠨᠠᠭᠤᠷ ᠬᠤᠲᠠ ᠶᠢᠨ 《  ᠱᠠᠯᠢᠭ ᠵᠠᠪᠬᠠᠶ  ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ  》 ᠠᠵᠢᠯ ᠤᠨ ᠤᠳᠤᠷᠢᠳᠬᠤ ᠳᠤᠭᠤᠶᠢᠯᠠᠩ 2021 ᠣᠨ ᠤ ᠪᠥᠬᠦ ᠬᠤᠲᠠ ᠶᠢᠨ《 ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》 ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂  ᠤᠷᠠᠳ ᠤᠨ ᠬᠤᠶᠢᠳᠤ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ 2021 ᠣᠨ ᠤ ᠪᠥᠬᠦ ᠬᠤᠲᠠ ᠶᠢᠨ《 ᠱᠠᠯᠢᠭ ᠵᠠᠪᠬᠠᠶ  ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》 ᠲᠡᠷᠢᠭᠦᠨ ᠤ ᠬᠠᠮᠲᠤ ᠶᠢᠨ ᠢᠷᠠᠭᠤ ᠠᠯᠳᠠᠷ ᠢ ᠭᠥᠷᠳᠡᠪᠡ᠃          2021 ᠣᠨ ᠠᠴᠠ ᠨᠠᠰᠢ᠂ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ 《 ᠱᠠᠯᠢᠭ ᠵᠠᠪᠬᠠᠶ  ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》 ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠬᠠᠮᠢᠶ᠎ᠠ ᠪᠥᠬᠦᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠳᠥᠯᠭᠢᠨ ᠠᠬᠢᠭᠤᠯᠪᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠤᠷᠢᠲᠠᠯ ᠪᠣᠯᠭᠠᠵᠤ᠂ 《ᠪᠠᠭᠠᠴᠤᠳ ᠬᠡᠤᠬᠡᠳ ᠢ ᠬᠠᠮᠠᠭᠠᠯᠠᠬᠤ  》᠂ 《  ᠲᠣᠤᠷ ᠰᠦᠯᠵᠢᠶ᠎ᠠ ᠶᠢ ᠴᠡᠭᠴᠡᠯᠠᠬᠦ  》᠂《  ᠨᠠᠮᠤᠷ ᠤᠨ ᠰᠠᠯᠬᠢ  》᠂ 《ᠬᠢᠯᠢ ᠬᠢᠵᠠᠭᠠᠷ ᠢ ᠪᠠᠬᠢᠵᠢᠭᠦᠯᠬᠦ  》 《  ᠡᠬᠢ ᠢᠷᠡᠯᠳᠠ‌‍ᠶᠢ ᠴᠡᠭᠴᠡᠯᠠᠬᠦ  》 ᠲᠠᠪᠤᠨ ᠶᠡᠭᠡ ᠲᠤᠰᠬᠠᠶ ᠠᠵᠢᠯᠯᠠᠭ᠎ᠠ ᠶᠢ ᠬᠦᠴᠦᠯᠡᠨ ᠰᠠᠶᠢᠲᠤᠷ  ᠬᠢᠪᠠ᠃  ᠲᠠᠷᠠᠴᠢᠯᠠᠨ᠂ ᠬᠠᠤᠯᠢ ᠪᠤᠰᠤ ᠪᠠ ᠬᠤᠣᠷ ᠬᠥᠨᠥᠭᠡᠯ ᠲᠠᠢ ᠬᠡᠪᠯᠡᠭᠳᠡᠬᠦᠨ ᠢ ᠤᠯᠠᠮᠵᠢᠯᠠᠨ ᠲᠠᠷᠬᠠᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ  ᠪᠤᠯᠬᠢ ᠪᠦᠳᠤᠬᠦᠯᠢᠭ ᠬᠤᠳᠠᠯ ᠬᠠᠭᠤᠮᠠᠬᠠᠢ ᠰᠤᠶᠤᠯ ᠢ ᠠᠷᠢᠯᠭᠠᠵᠤ᠂ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠬᠠᠮᠠᠭᠠᠯᠠᠨ᠂ ᠰᠤᠷᠲᠠᠯ ᠤᠬᠠᠭᠤᠯᠭ᠎ᠠ ᠶᠢᠨ ᠰᠠᠭᠤᠷᠢᠨ ᠢ ᠪᠠᠳᠤᠳᠬᠠᠵᠤ᠂ ᠢᠳᠡᠪᠬᠢᠲᠡᠶ ᠡᠷᠡᠭᠦᠯ ᠪᠥᠭᠡᠳ ᠡᠮᠬᠢ ᠵᠢᠷᠤᠮ ᠲᠠᠢ ᠨᠡᠶᠢᠭᠡᠮ ᠤᠨ ᠰᠣᠶᠣᠯ ᠤᠨ ᠣᠷᠴᠢᠨ ᠨᠥᠬᠦᠴᠡᠯ ᠢ ᠪᠤᠢ ᠪᠣᠯᠭᠠᠵᠤ᠂ ᠰᠣᠶᠣᠯ ᠤᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ ᠪᠦᠬᠦ ᠵᠢᠯ ᠳᠤ ᠬᠠᠤᠯᠢ ᠬᠡᠷᠡᠭᠵᠢᠭᠦᠯᠬᠦ ᠠᠵᠢᠯᠲᠠᠨ ᠢ  ᠨᠠᠶᠢᠳᠠ1490 ᠭᠠᠷᠤᠶ ᠬᠥᠮᠦᠨ ᠤᠳᠠᠭ᠎ᠠ ᠬᠥᠳᠡᠯᠭᠡᠵᠦ᠂ ᠡᠯ᠎ᠡ ᠲᠥᠷᠥᠯ ᠤᠨ ᠡᠵᠡᠩᠨᠡᠯᠲᠡ ᠶᠢᠨ ᠨᠢᠭᠡᠴᠡ ᠶᠢ ᠨᠠᠶᠢᠳᠠ 850 ᠭᠠᠷᠤᠶ ᠤᠳᠠᠭ᠎ᠠ  ᠪᠠᠶᠢᠴᠠᠭᠠᠬᠰᠠᠨ ᠶᠤᠮ᠃       ᠲᠠᠷᠠᠭᠠᠴᠢ ᠪᠠᠷ᠂ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠢᠨ᠎ᠡ ᠭᠠᠷᠤᠭ᠎ᠠ ᠳᠤ ᠰᠠᠭᠤᠷᠢᠯᠠᠨ᠂ ᠰᠢᠨ᠎ᠡ ᠥᠷᠢᠰᠥᠯᠳᠦᠭᠡᠨ ᠢ ᠠᠷᠭᠠᠴᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠪᠠ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠨ᠎ᠡ ᠰᠢᠪᠲᠤᠯᠤᠯᠲᠠ ᠶᠢ ᠡᠬᠦᠡᠳᠴᠤ᠂ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠴᠡᠪᠡᠷᠰᠢᠭᠦᠯᠦᠨ᠂ ᠤᠷᠠᠳ ᠤᠨ ᠬᠤᠶᠢᠲᠤ ᠬᠤᠰᠢᠭᠤᠨ ᠤ ᠰᠣᠶᠣᠯ ᠤᠨ ᠠᠵᠤ  ᠦᠢᠯᠡᠰ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠶᠤᠮ᠃     
   