ᠮᠠᠨ ᠤ ᠣᠷᠣᠨ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠲᠤᠯᠭᠠᠨ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ ᠪᠣᠶ
ᠨᠡᠶᠢᠲᠡᠯᠡᠭᠰᠡᠨ ᠴᠠᠭ᠄
2022/5/19
          ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠣᠯᠣᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠯᠪᠠᠨ ᠪᠢᠴᠢᠭ ᠲᠠᠷᠬᠠᠭᠠᠵᠤ ᠲᠣᠳᠣᠷᠬᠠᠶᠢᠯᠠᠭᠰᠠᠨ ᠨᠢ᠄ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠣᠷᠣᠨ ᠤ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ᠂ ᠵᠢᠵᠢᠭ ᠬᠡᠯᠪᠡᠷᠢ ᠶᠢᠨ ᠥᠴᠥᠬᠡᠨ ᠣᠷᠣᠯᠭ᠎ᠠ ᠪᠦᠬᠦᠢ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠴᠠ ᠡᠬᠢ ᠪᠠᠶᠠᠯᠢᠭ ᠤᠨ ᠭᠠᠶᠢᠯᠢ ︵ᠤᠰᠤᠨ ᠤ ᠡᠬᠢ ᠪᠠᠶᠠᠯᠢᠭ ᠤᠨ ᠭᠠᠶᠢᠯᠢ ᠪᠠᠭᠲᠠᠬᠤ ᠦᠭᠡᠢ︶᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ᠂ ᠲᠡᠮᠳᠡᠭᠲᠦ ᠶᠢᠨ ᠭᠠᠶᠢᠯᠢ ︵ᠦᠨᠡᠲᠦ ᠲᠡᠮᠳᠡᠭᠲᠦ ᠠᠷᠠᠯᠵᠢᠶᠠᠯᠠᠬᠤ ᠲᠡᠮᠳᠡᠭᠲᠦ ᠶᠢᠨ ᠭᠠᠶᠢᠯᠢ ᠪᠠᠭᠲᠠᠬᠤ ᠦᠭᠡᠢ︶᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠶᠢ 50% ᠪᠠᠷ ᠬᠠᠰᠤᠵᠤ ᠲᠠᠲᠠᠪᠤᠷᠢᠯᠠᠨ᠎ᠠ᠃         ᠳᠡᠭᠡᠷ᠎ᠡ ᠳᠤᠷᠠᠳᠤᠭᠰᠠᠨ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠲᠤᠯᠭᠠᠨ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠲᠠᠷᠠᠭ᠎ᠠ᠂ ᠵᠢᠱᠢᠯᠲᠡ ᠪᠠᠷ ᠵᠢᠯ ᠪᠦᠷᠢ ᠬᠤᠯᠪᠣᠭᠳᠠᠯ ᠪᠦᠬᠦᠢ ᠭᠠᠶᠢᠯᠢ ᠲᠤᠰᠢᠶᠠᠭᠴᠢ ᠶᠢᠨ ᠳᠠᠷᠤᠭᠠᠰᠤ ᠶᠢ 25 ᠳ᠋ᠦᠩᠰᠢᠭᠤᠷ ᠲᠥᠭᠦᠷᠢᠭ ᠬᠥᠩᠭᠡᠯᠡᠬᠦ ᠪᠣᠯᠣᠨ᠎ᠠ᠃ ᠣᠶᠢᠯᠠᠭᠠᠭᠰᠠᠨ ᠢᠶᠠᠷ᠂ ᠳᠡᠭᠡᠷ᠎ᠡ ᠳᠤᠷᠠᠳᠤᠭᠰᠠᠨ ᠭᠠᠶᠢᠯᠢ ᠰᠦᠢᠳᠬᠡᠯ ᠢ ᠲᠤᠯᠭᠠᠨ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠪᠣᠯ ᠮᠠᠨ ᠤ ᠣᠷᠣᠨ ᠤ 2019 — 2021 ᠣᠨ ᠳᠤ ᠬᠡᠷᠡᠭᠵᠢᠭᠦᠯᠦᠭᠰᠡᠨ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠲᠤᠯᠭᠠᠨ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠠ ᠦᠷᠭᠦᠯᠵᠢᠯᠡᠯ ᠪᠣᠯᠣᠨ᠎ᠠ᠃ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠡᠲᠡᠭᠡᠳ ᠲᠤ ᠤᠤᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠰᠠᠭᠤᠷᠢᠨ ᠳᠡᠭᠡᠷ᠎ᠡ᠂ ᠵᠢᠵᠢᠭ ᠬᠡᠯᠪᠡᠷᠢ ᠶᠢᠨ ᠥᠴᠥᠬᠡᠨ ᠣᠷᠣᠯᠭ᠎ᠠ ᠪᠦᠬᠦᠢ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠨᠡᠮᠡᠵᠦ ᠣᠷᠣᠭᠤᠯᠪᠠ᠃         ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠶᠢᠯᠪᠤᠷᠢᠯᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠲᠤᠯᠭᠠᠨ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠬᠡᠷᠡᠭᠵᠢᠭᠦᠯᠬᠦ ᠪᠠ ᠳᠠᠬᠢᠨ ᠨᠠᠶᠢᠳᠠᠪᠤᠷᠢᠵᠢᠭᠤᠯᠬᠤ ᠨᠢ ᠪᠥᠬᠦ ᠣᠷᠣᠨ ᠤ ᠵᠢᠵᠢᠭ ᠪᠢᠴᠢᠯ ᠠᠵᠤ ᠠᠬᠤᠶᠢᠯᠠᠯ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠠᠶᠢᠯᠢ ᠰᠦᠢᠳᠬᠡᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠵᠦ᠂ ᠪᠥᠬᠦ ᠣᠷᠣᠨ ᠤ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ